︽ᠬᠤᠷᠴᠢᠨ ᠲᠣᠭᠤᠷᠢᠭ ᠤᠨ ᠬᠤᠲᠠ ᠶᠢᠨ ᠭᠠᠳᠠᠭᠠᠳᠤ ᠭᠠᠷᠭᠠᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/3/2
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠵᠢᠴᠢ ᠡᠯ᠎ᠡ ᠠᠷᠠᠳ ᠤᠨ ᠪᠦᠯᠬᠦᠮ᠂ ᠬᠤᠷᠴᠢᠨ ᠳᠤ ᠰᠠᠭᠤᠭ᠎ᠠ ᠲᠦᠪ ᠤᠷᠤᠨ ᠤ ᠰᠢᠭᠤᠳ ᠬᠠᠷᠢᠶ᠎ᠠ ᠡᠯ᠎ᠡ ᠨᠢᠭᠡᠴᠢ ᠳᠤ᠄     ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠤᠷᠴᠢᠨ ᠲᠣᠭᠤᠷᠢᠭ ᠤᠨ ᠬᠤᠲᠠ ᠶᠢᠨ ᠭᠠᠳᠠᠭᠠᠳᠤ ᠭᠠᠷᠭᠠᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂  ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃                            2023 ᠣᠨ ᠤ 3 ᠰᠠᠷ᠎ᠠ ᠶᠢᠨ 1 ᠤ ᠡᠳᠦᠷ           ᠬᠤᠷᠴᠢᠨ ᠲᠣᠭᠤᠷᠢᠭ ᠤᠨ ᠬᠤᠲᠠ ᠶᠢᠨ ᠭᠠᠳᠠᠭᠠᠳᠤ ᠭᠠᠷᠭᠠᠯᠲᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ      ᠵᠠᠬ᠎ᠠ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ︽ᠪᠣᠯᠪᠠᠰᠤᠨ ᠬᠤᠲᠠ ᠪᠠᠶᠢᠭᠤᠯᠤᠭᠰᠠᠨ︾ ᠦᠷ᠎ᠡ ᠪᠦᠲᠦᠭᠡᠯ ᠢ ᠦᠨᠡᠨᠬᠦ ᠪᠠᠬᠢᠵᠢᠭᠦᠯᠵᠦ᠂ ᠬᠤᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠩ ᠶᠡᠭᠡ ᠡᠷᠴᠢᠮ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠬᠤᠲᠠ ᠶᠢᠨ ᠰᠢᠨ᠎ᠡ ᠳᠦᠷᠢ ᠲᠥᠷᠬᠦ ᠶᠢ ᠱᠤᠭᠤᠬᠤ ᠶᠢᠨ ᠲᠤᠰᠠᠳᠠ᠂  ᠲᠣᠭᠤᠷᠢᠭ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠬᠤᠷᠴᠢᠨ ᠲᠣᠭᠤᠷᠢᠭ ᠤᠨ ᠬᠤᠲᠠ ᠶᠢᠨ ᠭᠠᠳᠠᠭᠠᠳᠤ ᠭᠠᠷᠭᠠᠯᠲᠠ ᠳᠤ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠵᠤ᠂ ᠣᠨᠴᠠᠭᠠᠶᠢᠯᠠᠨ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠰᠢᠰᠲ᠋ᠧᠮᠲᠦ ᠦᠵᠡᠯᠲᠡ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠶᠢ ᠬᠢᠵᠠᠭᠠᠷᠯᠠᠵᠤ ᠪᠠᠶᠢᠭ᠎ᠠ ᠭᠤᠣᠯ ᠵᠥᠷᠢᠴᠡᠯ ᠪᠠ ᠠᠰᠠᠭᠤᠳᠠᠯ ᠢ ᠬᠦᠴᠦᠯᠡᠨ ᠠᠷᠢᠯᠭᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠲᠠᠰᠤᠷᠠᠯᠲᠠ ᠦᠭᠡᠢ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ  ᠨᠥᠬᠦᠪᠦᠷᠢᠯᠡᠵᠦ᠂ ᠬᠤᠷᠴᠢᠨ ᠲᠣᠭᠤᠷᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠢᠯᠡᠰ ᠢ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠤᠨ᠎ᠠ᠃ ᠬᠠᠤᠯᠢ ᠲᠣᠭᠲᠠᠭᠠᠯ ᠶᠣᠰᠣᠭᠠᠷ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠬᠤᠲᠠ ᠶᠢᠨ ᠭᠠᠳᠠᠭᠠᠳᠤ ᠭᠠᠷᠭᠠᠯᠲᠠ ᠶᠢᠨ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠰᠢᠯᠢᠳᠡᠭᠵᠢᠭᠦᠯᠦᠯᠲᠡ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠬᠡ ᠲᠡᠭᠰᠢ ᠥᠷᠢᠰᠦᠯᠳᠦᠭᠡᠨ ᠪᠠ ᠲᠣᠭᠲᠠᠭᠠᠯ ᠳᠤ ᠨᠡᠶᠢᠴᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠡᠪ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠶᠢᠭᠤᠯᠬᠤ  ᠶᠢ ᠠᠬᠢᠭᠤᠯᠵᠤ᠂ ᠬᠤᠳᠠ ᠶᠢ ᠰᠢᠰᠲ᠋ᠧᠮᠵᠢᠭᠦᠯᠦᠨ ᠨᠠᠷᠢᠯᠢᠭᠵᠢᠭᠤᠯᠤᠨ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠ ᠶᠢᠨ ᠰᠠᠭᠤᠷᠢ ᠲᠥᠬᠦᠭᠡᠷᠦᠮᠵᠢ ᠪᠣᠯᠣᠨ ᠬᠤᠳᠠ ᠶᠢᠨ ᠤᠯᠠᠨ ᠨᠡᠶᠢᠲᠡ ᠶᠢᠨ ᠣᠷᠣᠨ ᠵᠠᠢ ᠶᠢ ᠪᠦᠬᠦ ᠲᠣᠭᠤᠷᠢᠭ ᠤᠨ ᠠᠷᠠᠳ ᠤᠯᠠᠨ ᠳᠤ ᠨᠡᠩ ᠰᠠᠶᠢᠨ ᠦᠢᠯᠡᠴᠢᠯᠡᠭᠦᠯᠵᠦ᠂ ᠨᠡᠩ ᠠᠮᠤᠷ ᠲᠦᠪᠰᠢᠨ᠂ ᠵᠢᠷᠤᠮᠵᠢᠯ ᠲᠠᠢ᠂ ᠡᠷᠬᠡ ᠲᠡᠭᠰᠢ᠂ ᠡᠮᠬᠢ ᠳᠢᠭᠯᠢᠮ ᠲᠠᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠠᠰᠤᠷᠠᠯᠳᠠ ᠦᠭᠡᠢ ᠨᠡᠮᠡᠭᠳᠡᠭᠦᠯᠵᠦ᠂ ᠬᠤᠷᠴᠢᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃      ᠬᠤᠶᠠᠷ᠂ ᠴᠡᠭᠴᠡᠯᠡᠨ ᠵᠠᠰᠠᠬᠤ ᠡᠭᠦᠷᠭᠡ      ︵ᠨᠢᠭᠡ︶ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠮᠬᠢ ᠳᠢᠭᠯᠢᠮ ᠢ ᠴᠡᠭᠴᠡᠯᠡᠨ ᠵᠠᠰᠠᠨ᠎ᠠ᠃ ᠡᠭᠦᠨ ᠳᠤ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ ᠴᠡᠭᠴᠡᠯᠡᠨ ᠲᠡᠷᠭᠡ ᠬᠥᠰᠬᠡ ᠶᠢ ᠳᠤᠷ᠎ᠠ ᠪᠠᠷ ᠵᠣᠭᠰᠣᠭᠠᠵᠤ ᠳᠤᠷ᠎ᠠ ᠪᠠᠷ ᠲᠠᠯᠪᠢᠬᠤ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ᠂ ᠵᠠᠮ ᠡᠵᠡᠯᠡᠨ ᠡᠵᠡᠩᠨᠡᠬᠦ᠂ ᠳᠡᠯᠭᠡᠭᠦᠷ ᠠᠴᠠ ᠳᠠᠪᠠᠭᠤᠯᠤᠨ ᠡᠵᠡᠩᠨᠡᠬᠦ ᠦᠶᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ︔ ᠳᠤᠷ᠎ᠠ ᠪᠠᠷ ᠢᠶᠠᠨ ᠬᠡᠯᠪᠡᠶᠢᠨ ᠣᠶᠢᠴᠢᠬᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠦᠢᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ ; ᠡᠪᠳᠡᠷᠡᠵᠦ ᠰᠦᠢᠳᠦᠭᠰᠡᠨ ᠪᠠ ᠲᠣᠭᠲᠠᠭᠠᠯ ᠠᠴᠠ ᠵᠥᠷᠢᠴᠡᠭᠰᠡᠨ ᠵᠠᠷ ᠤᠨ ᠫᠠᠶᠢᠰᠠ ᠶᠢ ᠴᠡᠭᠴᠡᠯᠡᠨ ᠵᠠᠰᠠᠨ᠎ᠠ᠂ ᠵᠡᠭᠡᠯᠢ ᠠᠷᠤ ᠶᠢᠨ ᠵᠢᠵᠢᠭ ᠭᠤᠳᠤᠮᠵᠢ ᠶᠢᠨ ᠬᠤᠳᠠ ᠶᠢᠨ ᠳᠦᠷᠰᠦ ᠪᠠᠶᠢᠳᠠᠯ ᠡᠮᠬᠢ ᠵᠠᠮᠪᠠᠷᠠᠭ᠎ᠠ ᠦᠭᠡᠢ ᠪᠠᠶᠢᠳᠠᠯ ᠢ ᠴᠡᠭᠴᠡᠯᠡᠨ ᠵᠠᠰᠠᠨ᠎ᠠ᠃      ︵ᠬᠤᠶᠠᠷ︶ ᠭᠠᠶᠢᠯᠢ ᠲᠠᠲᠠᠪᠤᠷᠢ ᠶᠢᠨ ᠡᠮᠬᠢ ᠳᠢᠭᠯᠢᠮ ᠢ ᠴᠡᠭᠴᠡᠯᠡᠨ ᠵᠠᠰᠠᠨ᠎ᠠ᠃ ᠡᠭᠦᠨ ᠳᠤ ᠭᠠᠶᠢᠯᠢ ᠠᠴᠠ ᠬᠡᠯᠲᠦᠷᠢᠵᠤ ᠭᠠᠶᠢᠯᠢ ᠠᠴᠠ ᠵᠠᠶᠢᠯᠠᠬᠤ ᠶᠠᠪᠤᠳᠠᠯ ᠣᠯᠠᠨ ᠭᠠᠷᠳᠠᠭ ᠠᠵᠢᠯ ᠲᠥᠷᠥᠯ ᠤᠨ ᠭᠠᠶᠢᠯᠢ ᠳᠤ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠂ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ᠂ ᠪᠠᠶᠢᠭᠠᠯᠢ ᠬᠥᠮᠥᠨ ᠤ ᠬᠤᠳᠠᠯ ᠬᠠᠭᠤᠷᠮᠠᠭ ᠢᠶᠠᠷ ᠣᠷᠣᠯᠠᠨ ᠪᠠᠷᠢᠮᠲᠠ ᠪᠢᠴᠢᠵᠦ ᠥᠭᠬᠦ᠂ ᠬᠠᠤᠯᠢ ᠲᠣᠭᠲᠠᠭᠠᠯ ᠠᠴᠠ ᠵᠥᠷᠢᠴᠡᠨ ᠪᠠᠷᠢᠮᠲᠠ ᠬᠡᠷᠡᠭᠯᠡᠬᠦ ᠦᠶᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃      ︵ᠭᠤᠷᠪᠠ︶ ᠠᠶᠤᠯ ᠦᠭᠡᠢ ᠦᠢᠯᠡᠳᠪᠦᠷᠢᠯᠡᠯ ᠤᠨ ᠡᠮᠬᠢ ᠳᠢᠭᠯᠢᠮ ᠢ ᠴᠡᠭᠴᠡᠯᠡᠨ ᠵᠠᠰᠠᠬᠤ᠃ ᠡᠭᠦᠨ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠲᠡᠭᠦᠯᠳᠡᠷ ᠪᠤᠰᠤ᠂ ᠬᠠᠮᠢᠶᠠᠷᠤᠯᠲᠠ ᠡᠮᠬᠢ ᠵᠠᠮᠪᠠᠷᠠᠭ᠎ᠠ ᠦᠭᠡᠢ ᠪᠠᠶᠢᠬᠤ ᠵᠡᠷᠭᠡ ᠠᠰᠠᠭᠤᠳᠠᠯ ᠢ ᠴᠡᠭᠴᠡᠯᠡᠨ ᠵᠠᠰᠠᠬᠤ︔ ᠭᠤᠣᠯᠳᠠᠯᠭ᠎ᠠ ᠲᠠᠢ ᠠᠵᠢᠯ ᠲᠥᠷᠥᠯ ᠪᠣᠯᠣᠨ ᠬᠦᠷᠢᠶ᠎ᠡ ᠴᠠᠷᠠᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠨᠢ ᠪᠦᠷᠢᠨ ᠪᠤᠰᠤ᠂ ᠠᠶᠤᠯ ᠦᠭᠡᠢ ᠦᠢᠯᠡᠳᠪᠦᠷᠢᠯᠡᠯ ᠤᠨ ᠳᠠᠯᠳᠠ ᠬᠡᠮ ᠢ ᠠᠷᠢᠯᠭᠠᠬᠤ ᠦᠭᠡᠢ ᠵᠡᠷᠭᠡ ᠦᠶᠯᠡ ᠠᠵᠢᠯᠯᠠᠭ᠎ᠠ︔ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠭᠠᠭᠴᠠᠭᠠᠷ ᠡᠵᠡᠮᠰᠢᠬᠦ᠂ ᠵᠠᠬ᠎ᠠ ᠳᠡᠯᠭᠡᠭᠦᠷ ᠢ ᠡᠵᠡᠷᠬᠡᠬᠦ᠂ ᠮᠠᠭᠤ ᠪᠠᠷ ᠰᠠᠶᠢᠨ ᠢ ᠣᠷᠣᠯᠠᠭᠤᠯᠬᠤ᠂ ᠬᠢᠬᠠᠵᠤ ᠠᠪᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠨ᠎ᠠ᠃      ︵ᠳᠥᠷᠪᠡ︶ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠴᠡᠭᠴᠡᠯᠡᠨ ᠵᠠᠰᠠᠬᠤ᠃ ᠡᠭᠦᠨ ᠳᠤ ᠦᠨ᠎ᠡ ᠬᠠᠩᠰᠢ ᠶᠢ ᠲᠣᠭᠲᠠᠭᠠᠯ ᠶᠣᠰᠣᠭᠠᠷ ᠢᠯᠡ ᠲᠡᠮᠳᠡᠭᠯᠡᠭᠰᠡᠨ ᠦᠭᠡᠢ᠂ ᠢᠯᠡᠭᠦᠴᠡ ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ︔ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠷᠢᠯᠴᠠᠨ ᠰᠥᠯᠪᠡᠭᠡᠯᠳᠦᠵᠦ᠂ ᠠᠷᠠᠯᠵᠢᠶᠠᠨ ᠤ ᠦᠢᠯᠡᠴᠢᠯᠡᠭᠡ ︵ᠬᠥᠯᠥᠰᠦᠨ ᠮᠥᠩᠭᠦ ︶ ᠶᠢᠨ ᠦᠨ᠎ᠡ ᠬᠠᠩᠰᠢ ᠶᠢ ᠡᠵᠡᠮᠳᠡᠬᠦ ᠦᠶᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ︔ ᠵᠠᠬ᠎ᠠ ᠳᠡᠯᠭᠡᠭᠦᠷ ᠤᠨ ᠡᠵᠡᠩᠨᠡᠭᠴᠢ ᠶᠢᠨ ᠦᠨᠡᠮᠯᠡᠯ ᠦᠭᠡᠢ᠂ ᠦᠨᠡᠮᠯᠡᠯ  ᠨᠢ ᠲᠡᠭᠰᠢ ᠦᠭᠡᠢ᠂ ᠵᠣᠬᠢᠴᠠᠩᠭᠤᠢ ᠬᠢᠷᠢ ᠬᠡᠮ ᠢᠶᠠᠷ ᠳᠤᠲᠠᠮᠠᠭ ᠵᠡᠷᠭᠡ ᠦᠶᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ︔ ᠬᠠᠤᠯᠢ ᠠᠴᠠ ᠵᠥᠷᠢᠴᠡᠭᠰᠡᠨ ᠬᠤᠳᠠᠯ ᠬᠠᠭᠤᠷᠮᠠᠭ ᠵᠠᠷ ᠮᠡᠳᠡᠭᠡ ᠶᠢᠨ ᠤᠬᠠᠭᠤᠯᠭ᠎ᠠ  ᠶᠢᠨ ᠠᠵᠢᠯᠯᠠᠭ᠎ᠠ ᠂  ᠬᠤᠳᠠᠯ ᠢᠶᠠᠷ ᠵᠣᠬᠢᠶᠠᠭᠰᠠᠨ ᠲᠠᠸᠠᠷ ᠤᠨ ᠪᠠᠶᠢᠳᠠᠯ᠂ ᠴᠢᠳᠠᠮᠵᠢ᠂ ᠶᠠᠰᠤ ᠴᠢᠨᠠᠷ ᠵᠡᠷᠭᠡ ᠬᠡᠷᠡᠭᠯᠡᠭᠴᠢᠳ ᠤᠨ ᠡᠷᠬᠡ ᠠᠰᠢᠭ  ᠢ ᠬᠤᠬᠢᠷᠠᠭᠤᠯᠬᠤ ᠠᠵᠢᠯᠯᠠᠭ᠎ᠠ  ᠶᠢ ᠴᠡᠭᠴᠡᠯᠡᠨ ᠵᠠᠰᠠᠨ᠎ᠠ᠃      ᠭᠤᠷᠪᠠ᠂ ᠭᠤᠣᠯ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ᠎ᠠ᠃ ᠬᠤᠲᠠ ᠶᠢᠨ ᠭᠠᠳᠠᠭᠠᠳᠤ ᠭᠠᠷᠭᠠᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ︵ᠳᠣᠷᠣᠭᠰᠢ᠄ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠪᠠᠶᠢᠭᠤᠯᠵᠤ᠂ ᠵᠠᠰᠠᠭ ᠤᠨ ᠣᠷᠳᠣᠨ ᠤ ᠲᠣᠭᠤᠷᠢᠭ ᠤᠨ ᠳᠡᠳ᠋ ᠳᠠᠷᠤᠭ᠎ᠠ ᠠᠴᠠ ᠳᠤᠭᠤᠶᠢᠯᠠᠩ ᠤᠨ ᠳᠠᠷᠤᠭ᠎ᠠ ᠪᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠪᠠ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠪᠠᠷ ᠪᠦᠷᠢᠯᠳᠦᠭᠦᠨ ᠨᠢᠭᠡᠴᠢ ᠪᠣᠯᠭᠠᠬᠤ ᠶᠢᠨ ᠬᠠᠮᠲᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ ᠠᠵᠢᠯ ᠤᠨ ᠲᠤᠰᠬᠠᠢ ᠠᠩᠭᠢ ᠪᠠᠶᠢᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃      ︵ᠬᠤᠶᠠᠷ︶ ᠠᠵᠢᠯᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠨ᠎ᠠ᠃ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠬᠤᠳᠠ ᠶᠢᠨ ᠭᠠᠳᠠᠭᠠᠳᠤ ᠭᠠᠷᠭᠠᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠳᠤ ᠪᠦᠬᠦ ᠲᠠᠯ᠎ᠠ ᠶᠢᠨ ᠨᠠᠷᠢᠨ ᠨᠢᠭᠲᠠ ᠲᠣᠬᠢᠷᠠᠭᠤᠯᠤᠯᠲᠠ ᠪᠠ ᠪᠡᠯᠡᠳᠬᠡᠯ ᠢ ᠰᠠᠶᠢᠲᠤᠷ ᠬᠢᠨ᠎ᠡ᠃ ᠡᠯ᠎ᠡ ᠠᠵᠢᠯ ᠤᠨ ᠲᠤᠰᠬᠠᠢ ᠠᠩᠭᠢ ᠶᠢᠨ ᠠᠯᠪᠠᠨ ᠭᠡᠷ ᠨᠢ ᠴᠡᠭᠴᠡᠯᠡᠨ ᠵᠠᠰᠠᠬᠤ ᠡᠭᠦᠷᠭᠡ ᠶᠢ ᠡᠮᠬᠢᠯᠡᠨ ᠳᠢᠭᠯᠡᠵᠦ᠂ ᠡᠭᠦᠷᠭᠡ ᠶᠢᠨ ᠨᠠᠷᠢᠨ ᠬᠠᠭᠤᠳᠠᠰᠤ ᠶᠢ ᠬᠤᠷᠢᠶᠠᠩᠭᠤᠶᠢᠯᠠᠨ ᠪᠦᠷᠢᠯᠳᠦᠭᠦᠯᠵᠦ᠂ ᠬᠠᠷᠢᠭᠤᠴᠠᠯᠭᠠᠲᠤ ᠨᠢᠭᠡᠴᠡ ᠪᠠ ᠪᠣᠳᠠᠲᠠᠢ ᠬᠠᠷᠢᠭᠤᠴᠠᠯᠭᠠᠲᠠᠨ ᠢ ᠲᠣᠳᠣᠷᠬᠠᠶᠢᠯᠠᠨ᠂ ᠰᠠᠷ᠎ᠠ ᠪᠦᠷᠢ ᠠᠵᠢᠯ ᠤᠨ ᠠᠬᠢᠴᠠ ᠪᠠᠨ ᠰᠢᠨᠡᠳᠬᠡᠬᠦ ᠬᠡᠷᠡᠭᠲᠡᠢ᠃ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠢ ᠨᠦᠭᠦᠳ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰᠬᠠᠢ ᠴᠡᠭᠴᠡᠯᠡᠨ ᠵᠠᠰᠠᠬᠤ ᠪᠠ ᠬᠠᠮᠲᠤᠷᠠᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ᠂ ᠲᠠᠰᠢᠷᠠᠮ ᠳᠠᠭᠠᠤ ᠰᠤᠭᠤᠴᠢᠨ ᠪᠠᠶᠢᠴᠠᠭᠠᠬᠤ᠂ ᠰᠦᠪᠡᠭᠴᠢ ᠶᠢ ᠨᠡᠬᠡᠮᠵᠢᠯᠡᠨ ᠪᠠᠶᠢᠴᠠᠭᠠᠬᠤ ᠶᠢ ᠪᠠᠶᠢᠩᠭᠤᠵᠢᠭᠤᠯᠬᠤ ᠵᠡᠷᠭᠡ ᠵᠠᠷᠴᠢᠮ ᠢ ᠪᠠᠷᠢᠮᠲᠠᠯᠠᠨ᠂ ᠴᠢᠩᠭ᠎ᠠ ᠪᠠᠶᠢᠴᠠᠭᠠᠵᠤ ᠴᠢᠩᠭ᠎ᠠ ᠬᠠᠮᠢᠶᠠᠷᠬᠤ ᠪᠠᠶᠢᠳᠠᠯ ᠢ ᠪᠠᠲᠤᠯᠠᠬᠤ ᠬᠡᠷᠡᠭᠲᠡᠢ᠃      ︵ᠭᠤᠷᠪᠠ︶ ᠪᠠᠶᠢᠴᠠᠭᠠᠵᠤ ᠰᠢᠯᠭᠠᠨ ᠠᠪᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ᠤᠳᠤᠷᠢᠳᠬᠤ ᠳᠤᠭᠤᠶᠢᠯᠠᠩ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ︵ᠨᠢᠭᠡᠴᠢ︶ ᠨᠢ ᠲᠣᠰ ᠰᠢᠰᠲ᠋ᠧᠮ᠂ ᠲᠣᠰ ᠬᠠᠷᠢᠶ᠎ᠠ ᠣᠷᠣᠨ ᠤ ᠴᠡᠭᠴᠡᠯᠡᠨ ᠵᠠᠰᠠᠭᠰᠠᠨ ᠪᠠᠶᠢᠳᠠᠯ ᠳᠤ ᠥᠪᠡᠷ ᠤᠨ ᠪᠠᠶᠢᠴᠠᠭᠠᠯᠲᠠ ᠬᠢᠵᠦ᠂ ᠰᠢᠯᠭᠠᠨ ᠠᠪᠬᠤ ᠶᠢ ᠵᠣᠬᠢᠶᠠᠨ ᠪᠠᠶᠢᠭᠤᠯᠤᠨ᠂ ᠦᠷ᠎ᠡ ᠪᠦᠲᠦᠭᠡᠯ ᠢ ᠨᠢ ᠳ᠋ᠦᠩᠨᠡᠵᠦ᠂ ᠲᠣᠰ ᠤᠳᠠᠭᠠᠨ ᠤ ᠴᠡᠭᠴᠡᠯᠡᠨ ᠵᠠᠰᠠᠬᠤ ᠵᠦᠢᠯᠡᠰ ᠤᠨ ᠬᠠᠤᠯᠢ ᠶᠣᠰᠣᠨ ᠤ ᠲᠣᠭᠲᠠᠭᠠᠯ ᠳᠤ ᠨᠡᠶᠢᠴᠡᠬᠦ ᠪᠠᠶᠢᠳᠠᠯ ᠢ ᠡᠷᠦᠬᠡ ᠠᠵᠤ ᠠᠬᠤᠶᠢᠯᠠᠯ ᠳᠠᠷᠠᠭᠠᠯᠠᠨ ᠲᠣᠳᠣᠷᠬᠠᠶᠢᠯᠠᠬᠤ ᠶᠢᠨ ᠬᠠᠮᠲᠤ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ᠂ ᠨᠢᠭᠡᠴᠢ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠶᠢᠨ ᠭᠤᠣᠯ ᠤᠳᠤᠷᠢᠳᠤᠯᠭ᠎ᠠ ᠪᠠ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ  ᠠᠴᠠ ᠲᠣᠰ ᠲᠣᠰ ᠭᠠᠷ ᠤᠨ ᠥᠰᠥᠭ ᠵᠢᠷᠤᠵᠤ ᠨᠤᠲᠠᠯᠠᠨ ᠲᠣᠭᠲᠠᠭᠠᠵᠤ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠡᠷᠭᠢᠵᠦ ᠬᠠᠷᠠᠬᠤ ᠳᠤ ᠰᠠᠶᠢᠲᠤᠷ ᠪᠡᠯᠡᠳᠬᠡᠯ ᠬᠢᠨ᠎ᠡ᠃      ᠳᠥᠷᠪᠡ᠂ ᠴᠠᠭ ᠤᠨ ᠲᠣᠬᠢᠷᠠᠭᠤᠯᠤᠯᠲᠠ      ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ ︵2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ 3 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ︶᠃ ᠤᠳᠤᠷᠢᠳᠬᠤ ᠳᠤᠭᠤᠶᠢᠯᠠᠩ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠳᠠ ᠶᠢᠨ ᠭᠠᠳᠠᠭᠠᠳᠤ ᠭᠠᠷᠭᠠᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠳᠤ ᠲᠣᠬᠢᠷᠠᠭᠤᠯᠤᠯᠲᠠ ᠬᠢᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠨ᠎ᠡ᠃      ︵ᠬᠤᠶᠠᠷ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵2023 ᠣᠨ ᠤ 3 ᠳ᠋ᠤᠭᠠᠷ ᠰᠠᠷ᠎ᠠ ᠶᠢᠨ 11 ᠤ ᠡᠳᠦᠷ ᠠᠴᠠ 5 ᠳ᠋ᠤᠭᠠᠷ ᠰᠠᠷ᠎ᠠ ᠶᠢᠨ 11 ᠤ ᠡᠳᠦᠷ ᠪᠣᠯᠲᠠᠯ᠎ᠠ︶᠃ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠨᠦᠭᠦᠳ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠪᠠ ᠪᠠᠶᠢᠩᠭᠤ ᠶᠢᠨ ᠴᠢᠨᠠᠷᠲᠠᠢ ᠬᠠᠮᠲᠤᠷᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃      ︵ᠭᠤᠷᠪᠠ︶ ᠪᠠᠶᠢᠴᠠᠭᠠᠵᠤ ᠰᠢᠯᠭᠠᠨ ᠠᠪᠬᠤ ᠱᠠᠲᠤ ᠦᠶ᠎ᠡ ︵2022 ᠣᠨ ᠤ 5 ᠳ᠋ᠤᠭᠠᠷ ᠰᠠᠷ᠎ᠠ ᠶᠢᠨ 12 ᠤᠨ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶᠃ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠵᠡᠭᠡᠯᠢ ᠭᠤᠳᠤᠮᠵᠢ ᠶᠢᠨ ᠬᠢᠨ ᠲᠣᠰ ᠰᠢᠰᠲ᠋ᠧᠮ᠂ ᠲᠣᠰ ᠬᠠᠷᠢᠶ᠎ᠠ ᠣᠷᠣᠨ ᠤ ᠪᠠᠨ ᠴᠡᠭᠴᠡᠯᠡᠨ ᠵᠠᠰᠠᠭᠰᠠᠨ ᠪᠠᠶᠢᠳᠠᠯ ᠳᠤ ᠥᠪᠡᠷ ᠤᠨ ᠪᠠᠶᠢᠴᠠᠭᠠᠯᠲᠠ ᠬᠢᠵᠦ᠂ ᠰᠢᠯᠭᠠᠨ ᠠᠪᠬᠤ ᠶᠢ ᠵᠣᠬᠢᠶᠠᠨ ᠪᠠᠶᠢᠭᠤᠯᠤᠨ᠂ ᠦᠷ᠎ᠡ ᠪᠦᠲᠦᠭᠡᠯ ᠢᠶᠠᠨ ᠳ᠋ᠦᠩᠨᠡᠵᠦ᠂ ᠬᠠᠮᠢᠶ᠎ᠠ ᠪᠦᠬᠦᠢ ᠮᠠᠲ᠋ᠧᠷᠢᠶᠠᠯ ᠢ ᠡᠯ᠎ᠡ ᠠᠵᠢᠯ ᠤᠨ ᠲᠤᠰᠬᠠᠢ ᠠᠩᠭᠢ ᠶᠢᠨ ᠠᠯᠪᠠᠨ ᠭᠡᠷ ᠲᠤ ᠲᠤᠰᠢᠶᠠᠵᠤ᠂ ᠬᠤᠷᠢᠶᠠᠩᠭᠤᠶᠢᠯᠠᠭᠰᠠᠨ ᠤ ᠳᠠᠷᠠᠭ᠎ᠠ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ᠤᠳᠤᠷᠢᠳᠬᠤ ᠳᠤᠭᠤᠶᠢᠯᠠᠩ ᠨᠢ ᠨᠢᠭᠡᠳᠦᠯᠲᠡᠢ ᠲᠥᠯᠥᠪᠯᠡᠨ ᠵᠢᠯᠤᠭᠤᠳᠬᠤ ᠶᠢ ᠬᠠᠷᠢᠭᠤᠴᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ ᠠᠵᠢᠯ ᠤᠨ ᠲᠤᠰᠬᠠᠢ ᠠᠩᠭᠢ ᠨᠢ ᠲᠣᠬᠢᠷᠠᠭᠤᠯᠤᠨ ᠠᠬᠢᠭᠤᠯᠬᠤ ᠶᠢ ᠬᠠᠷᠢᠭᠤᠴᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ︵ᠨᠢᠭᠡᠴᠢ︶ ᠤᠨ ᠡᠭᠦᠷᠭᠡ ᠶᠢ ᠠᠬᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠭᠠᠳ᠂ ᠠᠵᠢᠯ ᠤᠨ ᠰᠠᠨᠠᠯ ᠪᠠ ᠠᠬᠢᠭᠤᠯᠬᠤ ᠠᠷᠭ᠎ᠠ ᠬᠡᠮᠵᠢᠶ᠎ᠡ ᠪᠠᠨ ᠳᠤᠷᠠᠳᠬᠤ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠢ ᠨᠦᠭᠦᠳ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠣᠰ ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠪᠠᠨ ᠴᠢᠩᠭᠠᠳᠬᠠᠵᠤ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠨᠤᠭᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ᠃      ︵ᠬᠤᠶᠠᠷ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠎ᠠ᠃ ᠰᠣᠨᠢᠨ᠂ ᠲᠧᠯᠸᠢᠰ᠂ ᠢᠨᠲ᠋ᠥᠷ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠬᠢᠨᠠᠯᠲᠠ ᠲᠠᠯᠪᠢᠵᠤ ᠬᠠᠮᠲᠤᠪᠠᠷ ᠵᠠᠰᠠᠬᠤ ᠶᠢ ᠬᠡᠷᠡᠭᠵᠢᠭᠦᠯᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠢᠷᠤᠮᠵᠢᠭᠰᠠᠨ ᠡᠵᠡᠩᠨᠡᠯᠲᠡ ᠶᠢ ᠬᠥᠲᠥᠯᠥᠨ ᠵᠢᠯᠤᠭᠤᠳᠴᠤ᠂ ᠪᠦᠬᠦ ᠠᠷᠠᠳ ᠤᠨ ᠪᠣᠯᠪᠠᠰᠤᠨ ᠬᠠᠤᠯᠢᠵᠢᠯ ᠤᠨ ᠤᠬᠠᠮᠰᠠᠷ ᠢ ᠳᠡᠭᠡᠭᠰᠢᠯᠡᠭᠦᠯᠵᠦ᠂ ᠴᠡᠭᠴᠡᠯᠡᠨ ᠵᠠᠰᠠᠬᠤ ᠠᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ︵ᠭᠤᠷᠪᠠ︶ ᠰᠢᠮᠳᠠᠭᠤᠯᠤᠨ ᠪᠠᠶᠢᠴᠠᠭᠠᠬᠤ ᠶᠢ ᠴᠢᠩᠳᠠᠯᠠᠨ᠎ᠠ᠃ ᠲᠣᠭᠤᠷᠢᠭ ᠤᠨ  ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ᠠᠵᠢᠯ ᠤᠨ ᠰᠢᠮᠳᠠᠭᠤᠯᠤᠨ ᠪᠠᠶᠢᠴᠠᠭᠠᠬᠤ ᠶᠢ ᠰᠠᠶᠢᠲᠤᠷ ᠬᠢᠵᠦ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠭᠠᠷᠠᠭ ᠪᠦᠷᠢ ᠰᠢᠮᠳᠠᠭᠤᠯᠤᠨ ᠪᠠᠶᠢᠴᠠᠭᠠᠬᠤ ᠶᠢ ᠨᠡᠪᠲᠡᠷᠡᠭᠦᠯᠬᠦ ᠶᠢ ᠪᠣᠶ ᠪᠣᠯᠭᠠᠵᠤ᠂ ᠲᠣᠭᠤᠷᠢᠭ ᠤᠨ ᠵᠠᠰᠠᠭ ᠤᠨ ᠣᠷᠳᠣᠨ ᠳᠤ ᠬᠦᠷᠭᠡᠬᠦ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠢ ᠨᠦᠭᠦᠳ ᠰᠠᠷ᠎ᠠ ᠪᠦᠷᠢ ᠶᠢᠨ 30 ᠤ ᠡᠳᠦᠷ ᠠᠴᠠ ᠡᠮᠦᠨ᠎ᠡ ᠠᠵᠢᠯ ᠤᠨ ᠲᠤᠰᠬᠠᠢ ᠠᠩᠭᠢ ᠶᠢᠨ ᠠᠯᠪᠠᠨ ᠭᠡᠷ ᠲᠤ ᠴᠡᠭᠴᠡᠯᠡᠨ ᠵᠠᠰᠠᠬᠤ ᠠᠵᠢᠯ ᠥᠷᠨᠢᠭᠦᠯᠦᠭᠰᠡᠨ ᠪᠠᠶᠢᠳᠠᠯ ᠢᠶᠠᠨ ᠮᠡᠳᠡᠭᠦᠯᠦᠨ ᠬᠦᠷᠭᠡᠵᠦ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠬᠤᠷᠢᠶᠠᠩᠭᠤᠶᠢᠯᠠᠬᠤ ᠬᠡᠷᠡᠭᠲᠡᠢ᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号