ᠬᠤᠷᠴᠢᠨ ᠲᠣᠭᠤᠷᠢᠭ᠄ ᠨᠠᠰᠤᠨ ᠳᠤ ᠥᠯᠥ ᠭᠦᠷᠦᠭᠰᠡᠳ  ᠢ ᠬᠠᠮᠠᠭᠠᠯᠠᠬᠤ ᠠᠵᠢᠯ  ᠢ ᠦᠨᠡᠨ ᠰᠡᠳᠬᠢᠯ ᠠᠴᠠ ᠪᠠᠨ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2023/3/20
     ᠣᠶᠢᠷ᠎ᠠ   ᠶᠢᠨ ᠵᠢᠯ ᠠᠴᠠ ᠨᠠᠰᠢ᠂ ᠬᠤᠷᠴᠢᠨ ᠲᠣᠭᠤᠷᠢᠭ ᠨᠠᠰᠤᠨ ᠳᠤ ᠥᠯᠥ ᠬᠦᠷᠦᠭᠰᠡᠳ   ᠢ ᠬᠠᠮᠠᠭᠠᠯᠠᠬᠤ ᠠᠵᠢᠯ ᠤᠨ ᠳᠤᠮᠳᠠ ᠪᠠᠨ ᠬᠡᠯᠪᠡᠶᠢᠭᠦᠦ ᠲᠠᠯ᠎ᠠ   ᠶᠢ ᠵᠠᠯᠠᠷᠠᠭᠤᠯᠬᠤ᠂ ᠤᠷᠢᠳᠴᠢᠯᠠᠨ ᠰᠡᠷᠭᠡᠶᠢᠯᠡᠬᠦ᠂ ᠬᠦᠴᠦ ᠪᠠᠨ ᠬᠠᠮᠲᠤᠳᠬᠠᠬᠤ   ᠶᠢ ᠪᠠᠷᠢᠮᠲᠠᠯᠠᠨ᠂ ᠨᠠᠰᠤᠨ ᠳᠤ ᠥᠯᠥ ᠬᠦᠷᠦᠭᠰᠡᠳ ᠲᠤ ᠬᠠᠯᠠᠭᠤᠨ ᠳᠤᠯᠠᠭᠠᠨ ᠬᠥᠬᠡ ᠣᠭᠲᠠᠷᠭᠤᠢ   ᠶᠢ ᠦᠨᠡᠨ ᠰᠡᠳᠬᠢᠯ ᠠᠴᠠ ᠪᠠᠨ ᠴᠣᠭᠴᠠᠯᠠᠨ ᠥᠭᠴᠦ ᠪᠠᠶᠢᠨ᠎ᠠ᠃ᠬᠤᠷᠴᠢᠨ ᠲᠣᠭᠤᠷᠢᠭ ᠤᠨ ᠬᠢᠨ ᠨᠠᠰᠤᠨ ᠳᠤ ᠥᠯᠥ ᠭᠦᠷᠦᠭᠰᠡᠳ ᠤᠨ ᠬᠠᠤᠯᠢ   ᠠᠴᠠ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠶᠢ ᠲᠥᠪᠯᠡᠷᠡᠭᠦᠯᠦᠨ ᠪᠠᠶᠢᠴᠠᠭᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ 12 ᠵᠦᠢᠯ ᠤᠨ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ︽ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠶᠢᠯᠤᠮᠵᠢ ᠶᠢ ᠪᠠᠶᠢᠩᠭᠤ ᠥᠷᠨᠢᠭᠦᠯᠪᠡ᠃ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠣᠭᠤᠳᠤᠭᠴᠢ ᠶᠢᠨ ᠪᠦᠯᠬᠦᠮ ᠢ ᠵᠣᠬᠢᠶᠠᠨ ᠪᠠᠶᠢᠭᠤᠯᠵᠤ᠂ ᠭᠡᠷ ᠪᠦᠯᠢ ᠶᠢᠨ ᠬᠥᠮᠦᠵᠢᠯ ᠤᠨ ᠲᠠᠶᠢᠯᠤᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号