ᠡᠨᠡ ᠵᠢᠯ᠂ ᠬᠤᠷᠴᠢᠨ ᠲᠣᠭᠤᠷᠢᠭ ᠤᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠵᠢᠭᠦᠯᠵᠦ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠣᠯᠣᠨ | ᠰᠣᠶᠣᠯ ᠤᠨ ᠬᠦᠷᠢᠶᠡᠨ ᠤ ᠠᠮᠤᠷ ᠲᠦᠪᠰᠢᠨ ᠢ ᠴᠢᠩᠭ᠎ᠠ ᠰᠠᠬᠢᠵᠤ᠂ ᠰᠢᠰᠲ᠋ᠧᠮ ᠤᠨ ᠬᠠᠮᠲᠤᠷᠠᠯᠴᠠᠭ᠎ᠠ ᠶᠢ | ᠴᠢᠩᠭᠠᠳᠬᠠᠵᠤ᠂ ᠰᠠᠯᠠᠭ᠎ᠠ ᠮᠥᠴᠢᠷ ᠤᠨ ᠬᠠᠷᠢᠯᠴᠠᠨ ᠬᠥᠳᠡᠯᠦᠯᠴᠡᠬᠦ ᠶᠢ ᠠᠬᠢᠭᠤᠯᠵᠤ᠂ ᠡᠳᠦᠷ ᠲᠤᠳᠤᠮ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠪᠠᠭᠠᠷ᠂ ᠬᠡᠪᠯᠡᠯ ᠤᠨ ᠠᠵᠤ ᠠᠬᠤᠶᠢᠯᠠᠯ ᠵᠡᠷᠭᠡ ᠰᠣᠶᠣᠯ ᠤᠨ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠨᠢᠭᠡᠴᠡ ᠶᠢ ᠴᠢᠩᠭ᠎ᠠ ᠪᠠᠶᠢᠴᠠᠭᠠᠵᠠᠢ᠃ᠡᠭᠦᠨ ᠤ ᠵᠡᠷᠭᠡ ᠳᠤ ᠤᠬᠠᠭᠤᠯᠬᠤ ᠠᠷᠭ᠎ᠠ ᠵᠠᠮ | ᠪᠣᠯᠣᠨ ᠤᠯᠠᠮᠵᠢᠯᠠᠬᠤ ᠬᠡᠯᠪᠡᠷᠢ ᠶᠢ ᠢᠳᠡᠪᠬᠢᠲᠡᠢ ᠪᠠᠷ ᠥᠷᠭᠡᠳᠬᠡᠵᠦ᠂ ᠬᠥᠳᠡᠭᠡ ᠲᠣᠰᠬᠤᠨ ᠤ ᠲᠣᠮᠣ ᠪᠦᠷᠢᠶ᠎ᠡ᠂ | ᠰᠦᠯᠵᠢᠶᠡᠨ ᠤ ᠪᠢᠴᠢᠯ ᠦᠵᠦᠭᠦᠷ ᠵᠡᠷᠭᠡ ᠰᠢᠨ᠎ᠡ ᠠᠴᠢᠶᠠᠯᠠᠪᠤᠷᠢ ᠶᠢ ᠭᠦᠢᠴᠡᠳ ᠠᠰᠢᠭᠯᠠᠨ ︽ᠱᠠᠯᠢᠭ ᠵᠠᠪᠠᠭ᠋ᠠᠢ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠬᠠᠭᠤᠯᠭ᠎ᠠ ᠶᠢᠨ | ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ | | |