ᠬᠠᠪᠤᠷ ᠣᠷᠣᠭᠰᠠᠨ ᠠᠴᠠ ᠨᠠᠰᠢ᠂ ᠬᠤᠷᠴᠢᠨ ᠲᠣᠭᠤᠷᠢᠭ ᠤᠨ ᠬᠢᠨ ᠮᠠᠯ ᠵᠢᠭᠦᠷᠲᠡᠨ ᠤ ᠬᠢᠵᠢᠭ ᠢ ᠰᠡᠷᠭᠡᠶᠢᠯᠡᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠰᠢᠯᠢᠳᠡᠭ ᠬᠢᠵᠢᠭ ᠢ ᠰᠡᠷᠭᠡᠶᠢᠯᠡᠭᠴᠢ ᠶᠢ ᠰᠣᠩᠭᠤᠨ | ᠲᠣᠮᠢᠯᠠᠵᠤ ᠡᠯ᠎ᠡ ᠪᠠᠯᠭᠠᠰᠤ ᠰᠤᠮᠤ ᠳᠤ ᠣᠴᠢᠭᠤᠯᠵᠤ᠂ ᠰᠡᠷᠭᠡᠶᠢᠯᠡᠬᠦ ᠲᠠᠷᠢᠯᠭ᠎ᠠ ᠶᠢᠨ ᠡᠭᠡᠯᠢᠯᠡᠭᠡ ᠶᠢᠨ ᠠᠵᠢᠯ ᠢ | ᠥᠷᠨᠢᠭᠦᠯᠵᠡᠢ᠃ᠬᠤᠷᠴᠢᠨ ᠲᠣᠭᠤᠷᠢᠭ ᠤᠨ ᠬᠢᠨ ᠮᠠᠯ ᠵᠢᠭᠦᠷᠲᠡᠨ ᠤ ᠬᠢᠵᠢᠭ ᠢ ᠰᠡᠷᠭᠡᠶᠢᠯᠡᠬᠦ ᠵᠢᠴᠢ ᠬᠢᠵᠢᠭ | ᠡᠪᠡᠳᠴᠢᠨ ᠢ ᠬᠢᠨᠠᠨ ᠬᠡᠮᠵᠢᠬᠦ ᠲᠥᠰᠥᠯ ᠢ ᠨᠢᠭᠡᠳᠦᠯᠲᠡᠢ ᠲᠣᠭᠲᠠᠭᠠᠵᠤ᠂ ᠮᠠᠯ ᠵᠢᠭᠦᠷᠲᠡᠨ ᠤ ᠡᠭᠡᠯᠢᠯᠡᠭᠡ ᠶᠢᠨ | ᠲᠠᠷᠢᠯᠭ᠎ᠠ ᠶᠢᠨ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ︔ᠮᠠᠯ ᠵᠢᠭᠦᠷᠲᠡᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠮᠡᠷᠭᠡᠵᠢᠯ ᠤᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠲᠡᠵᠢᠭᠡᠨ ᠦᠷᠡᠵᠢᠭᠦᠯᠬᠦ | ᠡᠷᠦᠬᠡ ᠶᠢᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ︔ᠠᠮᠢᠲᠠᠨ ᠤ ᠬᠢᠵᠢᠭ ᠤᠨ ᠪᠠᠶᠢᠳᠠᠯ ᠢ ᠢᠯᠡᠴᠢᠯᠡᠨ ᠮᠡᠳᠡᠭᠦᠯᠬᠦ ᠪᠠ ᠬᠢᠵᠢᠭ ᠤᠨ ᠪᠠᠶᠢᠳᠠᠯ ᠢ | ᠲᠦᠷᠭᠡᠨ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠡᠭᠡᠯᠢᠯᠡᠭᠡ ᠶᠢᠨ ᠲᠠᠷᠢᠯᠭ᠎ᠠ ᠶᠢ ᠥᠷᠨᠢᠭᠦᠯᠬᠦ ᠶᠢᠨ ᠬᠠᠮᠲᠤ | ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠮᠠᠯ ᠤᠨᠤᠭ᠎ᠠ ᠶᠢ | ᠰᠠᠶᠢᠵᠢᠷᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠡᠭᠦᠯᠳᠡᠷ ᠢ ᠰᠢᠯᠢᠳᠡᠭᠵᠢᠭᠦᠯᠬᠦ ᠶᠢ ᠠᠬᠢᠭᠤᠯᠤᠨ᠂ ᠲᠡᠵᠢᠭᠡᠨ | ᠦᠷᠡᠵᠢᠭᠦᠯᠬᠦ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | |