ᠬᠤᠷᠴᠢᠨ ᠲᠣᠭᠤᠷᠢᠭ ᠤᠨ ᠳᠥᠷᠪᠡᠨ ᠤᠯᠠᠷᠢᠯ ᠲᠣᠳᠣᠷᠬᠠᠢ᠂ ᠨᠡᠷᠡᠨ ᠤ ᠲᠤᠰᠤᠯᠲᠠ ᠭᠦᠢᠴᠡᠳ᠂ ᠪᠣᠷᠣᠭᠠᠨ | ᠣᠷᠣᠬᠤ ᠪᠠ ᠥᠨᠳᠥᠷ ᠳᠤᠯᠠᠭᠠᠨ ᠤ ᠤᠯᠠᠷᠢᠯ ᠢᠵᠢᠯᠢ ᠠᠯᠬᠤᠮ ᠲᠠᠢ᠂ ᠠᠭᠠᠷ ᠤᠨ ᠳᠤᠯᠠᠭᠠᠨ ᠲᠣᠬᠢᠷᠠᠮᠵᠢᠲᠠᠢ | ᠪᠠᠶᠢᠳᠠᠭ᠃ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 6.1°C᠂ ᠨᠡᠷᠡᠨ ᠤ ᠲᠤᠰᠤᠯᠲᠠ ᠶᠢᠨ ᠲᠤᠭ᠎ᠠ ᠨᠢ | 3113 ᠴᠠᠭ᠂ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 385.1 ᠮᠢᠯᠢᠮᠧᠲᠷ ᠪᠠᠶᠢᠵᠤ᠂ ᠬᠠᠪᠤᠷ | ᠨᠠᠮᠤᠷ ᠤᠨ ᠲᠤᠨᠳᠠᠰᠤᠨ ᠤ ᠬᠡᠮᠵᠢᠶ᠎ᠡ ᠨᠢ ᠵᠢᠯ ᠤᠨ ᠲᠤᠨᠳᠠᠰᠤᠨ ᠤ ᠬᠡᠮᠵᠢᠶ᠎ᠡ ᠶᠢᠨ 13%—16% ᠶᠢ ᠡᠵᠡᠯᠡᠨ᠎ᠡ᠃ | ᠵᠢᠯ ᠤᠨ ᠳᠤᠮᠳᠠᠴᠢ ᠬᠢᠷᠠᠭᠤ ᠦᠭᠡᠢ ᠬᠤᠭᠤᠴᠠᠭ᠎ᠠ ᠨᠢ 150 ᠡᠳᠦᠷ ᠪᠠᠶᠢᠵᠤ᠂ ᠵᠢᠯ ᠤᠨ ᠳᠤᠮᠳᠠᠴᠢ ᠰᠠᠯᠬᠢᠨ ᠤ | ᠬᠤᠷᠳᠤᠴᠠ ᠨᠢ 3.6m/s ᠪᠠᠶᠢᠳᠠᠭ᠃ ᠬᠤᠷᠴᠢᠨ ᠲᠣᠭᠤᠷᠢᠭ ᠤᠨ ᠬᠤᠲᠠ ᠶᠢᠨ ᠲᠠᠯᠠᠪᠠᠶ ᠨᠢ 32.96 ᠲᠡᠭᠰᠢ | ᠳᠥᠷᠪᠡᠯᠵᠢᠨ ᠺᠢᠯᠣᠮᠧᠲᠷ ᠪᠠᠶᠢᠵᠤ᠂ ᠳᠦᠷᠪᠡᠨ ᠭᠠᠷᠬᠤ ᠡᠭᠦᠳᠡ ᠶᠢᠨ ᠵᠠᠰᠠᠮᠠᠯ ᠵᠠᠮ ᠳᠠᠭᠠᠤ ᠶᠢᠨ ᠠᠵᠤ | ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ 10836 ᠮᠦ ᠪᠠᠶᠢᠵᠤ᠂ ᠪᠥᠬᠦ ᠲᠣᠭᠤᠷᠢᠭ ᠤᠨ ᠬᠥᠷᠥᠰᠥ ᠰᠢᠷᠣᠢ ᠨᠢ | ᠰᠠᠭᠠᠷᠠᠯ ᠨᠤᠭᠤ ᠶᠢᠨ ᠬᠥᠷᠥᠰᠥ ᠪᠠᠷ ᠭᠤᠣᠯᠯᠠᠵᠤ᠂ ᠪᠥᠬᠦ ᠭᠠᠵᠠᠷ ᠰᠢᠷᠣᠢ ᠶᠢᠨ ᠲᠠᠯᠠᠪᠠᠶ ᠶᠢᠨ 60.6% ᠶᠢ | ᠡᠵᠡᠯᠡᠵᠦ᠂ ᠲᠠᠷᠬᠠᠯᠲᠠ ᠨᠢ ᠥᠷᠭᠡᠨ᠂ ᠬᠦᠴᠦ ᠰᠢᠮ᠎ᠡ ᠨᠢ ᠥᠨᠳᠥᠷ ᠪᠠᠶᠢᠵᠤ᠂ ᠠᠷᠠᠳ ᠤᠨ ᠠᠮᠢᠳᠤᠷᠠᠯ ᠪᠠ ᠠᠵᠤ | ᠦᠢᠯᠡᠳᠪᠦᠷᠢ ᠲᠠᠷᠢᠶᠠᠯᠠᠩ ᠤᠨ ᠦᠢᠯᠡᠳᠪᠦᠷᠢᠯᠡᠯ ᠬᠢᠬᠦ ᠬᠦᠰᠡᠯᠡᠩ ᠤᠨ ᠣᠷᠣᠨ ᠪᠦᠰᠡ ᠪᠣᠯᠣᠨ᠎ᠠ᠃ | ᠲᠦᠩᠯᠢᠶᠣᠣ ᠬᠤᠲᠠ ᠳᠤ ᠣᠲᠣ ᠶᠡᠭᠡ ᠪᠠᠭ᠎ᠠ ᠭᠤᠣᠯ ᠮᠥᠷᠡᠨ 43᠂ ᠲᠣᠮᠣ ᠬᠡᠯᠪᠡᠷᠢ ᠶᠢᠨ ᠤᠰᠤᠨ | ᠴᠥᠭᠦᠷᠥᠮ 5᠂ ᠳᠤᠮᠳᠠ ᠬᠡᠯᠪᠡᠷᠢ ᠶᠢᠨ ᠤᠰᠤᠨ ᠴᠥᠭᠦᠷᠥᠮ 10᠂ ᠵᠢᠵᠢᠭ ᠤᠰᠤᠨ ᠴᠥᠭᠦᠷᠥᠮ 10᠂ | ᠴᠥᠭᠦᠷᠥᠮ ᠤᠨ ᠬᠠᠰᠢᠯᠭ᠎ᠠ 80 ᠪᠠᠶᠢᠵᠤ᠂ ᠶᠡᠷᠦᠩᠬᠡᠢ ᠴᠥᠭᠦᠷᠥᠮ ᠤᠨ ᠪᠠᠭᠲᠠᠭᠠᠮᠵᠢ ᠨᠢ 99178 ᠲᠦᠮᠡᠨ | ᠪᠣᠰᠤᠭ᠎ᠠ ᠳᠥᠷᠪᠡᠯᠵᠢᠨ ᠮᠧᠲᠷ ᠲᠤ ᠬᠦᠷᠴᠡᠢ᠃ ᠣᠶ ᠰᠢᠭᠤᠢ ᠶᠢᠨ ᠲᠠᠯᠠᠪᠠᠶ ᠨᠢ 125 ᠲᠦᠮᠡᠨ ᠾᠧᠺᠲ᠋ᠠᠷ᠂ ᠣᠶ | ᠮᠣᠳᠣᠨ ᠤ ᠶᠡᠷᠦᠩᠬᠡᠢ ᠬᠠᠳᠠᠭᠠᠯᠠᠭᠳᠠᠴᠠ ᠶᠢᠨ ᠬᠡᠮᠵᠢᠶ᠎ᠡ ᠨᠢ 1745 ᠲᠦᠮᠡᠨ ᠪᠣᠰᠤᠭ᠎ᠠ ᠳᠥᠷᠪᠡᠯᠵᠢᠨ ᠮᠧᠲᠷ᠂ ᠣᠶ | ᠮᠣᠳᠣᠨ ᠤ ᠮᠣᠳᠣᠨ ᠤ ᠲᠥᠷᠥᠯ 46 ᠢᠵᠠᠭᠤᠷ᠂ 80 ᠲᠥᠷᠥᠯ᠂ 220 ᠳᠦᠷᠰᠦ ᠪᠠᠶᠢᠨ᠎ᠠ᠃ | | | |