ᠬᠤᠷᠴᠢᠨ ᠲᠣᠭᠤᠷᠢᠭ ᠨᠢ ᠲᠠᠩᠰᠤᠭ ᠰᠠᠶᠢᠬᠠᠨ ᠬᠤᠷᠴᠢᠨ ᠤ ᠲᠠᠯ᠎ᠠ ᠨᠤᠲᠤᠭ ᠲᠤ ᠰᠡᠬᠦᠶᠢᠨ ᠰᠦᠨᠳᠡᠷᠯᠡᠨ᠎ᠡ᠃ | ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠪᠦᠧᠧᠬᠠᠢ ᠲᠠᠩᠭᠢᠰ ᠢ ᠲᠣᠭᠤᠷᠢᠭᠰᠠᠨ ᠠᠵᠤ ᠠᠬᠤᠢ ᠶᠢᠨ | ᠲᠣᠭᠤᠷᠢᠭ ᠲᠤ ᠪᠠᠶᠢᠷᠢᠯᠠᠵᠤ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠤ ᠬᠤᠶᠠᠷ ᠶᠡᠭᠡ ᠠᠵᠤ ᠠᠬᠤᠢ ᠶᠢᠨ | ᠣᠷᠣᠨ ᠤ ᠠᠭᠤᠯᠵᠠᠷ ᠣᠷᠣᠨ ᠳᠤ ᠣᠷᠣᠰᠢᠵᠤ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠤ ᠪᠠᠭᠠᠯᠵᠤᠤᠷ ᠢ | ᠪᠣᠭᠤᠮᠢᠯᠠᠵᠤ᠂ ᠪᠡᠭᠡᠵᠢᠩ ᠲᠢᠶᠠᠨᠵᠢᠨ ᠾᠧᠪᠧᠢ᠂ ᠬᠠᠷ᠎ᠠ ᠭᠢᠷᠢᠨ ᠯᠢᠶᠣᠤᠨᠢᠩ ᠤᠨ ᠬᠦᠢᠰᠦ ᠶᠢ ᠬᠤᠯᠪᠣᠭᠰᠠᠨ ᠪᠠᠶᠢᠨ᠎ᠠ | ᠃ ᠤᠤᠯ ᠠᠴᠠ ᠪᠠᠨ ︽ᠳᠣᠯᠣᠭᠠᠨ ᠮᠤᠵᠢ ᠶᠢᠨ ᠵᠠᠮ ᠨᠡᠪᠲᠡᠷᠡᠯᠭᠡ︾ ᠭᠡᠰᠡᠨ ᠰᠠᠶᠢᠬᠠᠨ ᠠᠯᠳᠠᠷᠲᠠᠢ ᠶᠤᠮ᠃ | ᠲᠦᠩᠯᠢᠶᠣᠣ ᠬᠤᠲᠠ ᠶᠢᠨ ᠤᠯᠤᠰ ᠲᠥᠷᠥ᠂ ᠠᠵᠤ ᠠᠬᠤᠢ᠂ ᠰᠣᠶᠣᠯ᠂ ᠵᠠᠮ ᠬᠠᠷᠢᠯᠴᠠᠭᠠᠨ ᠤ ᠲᠥᠪ ᠪᠠᠶᠢᠵᠤ᠂ | ᠵᠠᠰᠠᠭ ᠵᠠᠬᠢᠷᠭᠠᠨ ᠤ ᠣᠷᠣᠨ ᠤ ᠲᠠᠯᠠᠪᠠᠶ ᠨᠢ 2821 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 10 ᠪᠠᠯᠭᠠᠰᠤ ︵ | ᠰᠤᠮᠤ︶᠂ 5 ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ 11 ᠵᠡᠭᠡᠯᠢ ᠭᠤᠳᠤᠮᠵᠢ ᠶᠢ | ᠬᠠᠷᠢᠶᠠᠯᠠᠵᠤ᠂ ᠮᠣᠩᠭᠤᠯ᠂ ᠬᠢᠲᠠᠳ᠂ ᠮᠠᠨᠵᠤ᠂ ᠬᠤᠲᠣᠩ᠂ ᠰᠣᠯᠣᠩᠭᠤᠰ ᠵᠡᠷᠭᠡ ᠦᠨᠳᠦᠰᠦᠲᠡᠨ ᠤ 73 ᠲᠦᠮᠡᠨ | ᠲᠠᠯ᠎ᠠ ᠨᠤᠲᠤᠭ ᠤᠨ ᠬᠥᠪᠡᠭᠦᠳ ᠥᠬᠢᠳ ᠰᠠᠭᠤᠷᠢᠰᠢᠵᠤ ᠪᠣᠶ᠃ | ᠬᠤᠷᠴᠢᠨ ᠲᠣᠭᠤᠷᠢᠭ ᠨᠢ 11 ᠵᠡᠭᠡᠯᠢ ᠭᠤᠳᠤᠮᠵᠢ᠂ 10 ᠪᠠᠯᠭᠠᠰᠤ ︵ᠰᠤᠮᠤ︶᠂ 5 ᠤᠯᠤᠰ ᠤᠨ | ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ ᠶᠢ ᠬᠠᠷᠢᠶᠠᠯᠠᠨ᠎ᠠ᠄ ᠬᠤᠷᠴᠢᠨ ᠵᠡᠭᠡᠯᠢ ᠭᠤᠳᠤᠮᠵᠢ᠂ ᠪᠠᠷᠠᠭᠤᠨ | ᠡᠭᠦᠳᠡ ᠵᠡᠭᠡᠯᠢ ᠭᠤᠳᠤᠮᠵᠢ᠂ ᠶᠦᠩ ᠴᠢᠩ ᠵᠡᠭᠡᠯᠢ ᠭᠤᠳᠤᠮᠵᠢ᠂ ᠮᠢᠩ ᠷᠧᠨ ᠵᠡᠭᠡᠯᠢ ᠭᠤᠳᠤᠮᠵᠢ᠂ ᠱᠢ ᠵᠢᠶᠧ ᠵᠡᠭᠡᠯᠢ | ᠭᠤᠳᠤᠮᠵᠢ᠂ ᠪᠦᠯᠬᠦᠮᠳᠡᠯ ᠵᠡᠭᠡᠯᠢ ᠭᠤᠳᠤᠮᠵᠢ᠂ ᠵᠡᠭᠦᠨ ᠲᠡᠭᠦᠷᠭᠡ ᠵᠡᠭᠡᠯᠢ ᠭᠤᠳᠤᠮᠵᠢ᠂ ᠲᠡᠮᠦᠷ ᠵᠠᠮ ᠵᠡᠭᠡᠯᠢ | ᠭᠤᠳᠤᠮᠵᠢ᠂ ᠬᠤᠥᠯᠢᠨ ᠭᠤᠤᠯ ᠵᠡᠭᠡᠯᠢ ᠭᠤᠳᠤᠮᠵᠢ᠂ ᠵᠢᠶᠠᠨ ᠭᠦᠸᠧ ᠵᠡᠭᠡᠯᠢ ᠭᠤᠳᠤᠮᠵᠢ᠂ ᠬᠤᠩ ᠰᠢᠩ ᠵᠡᠭᠡᠯᠢ | ᠭᠤᠳᠤᠮᠵᠢ︔ ᠳᠠᠯᠠᠩ ᠪᠠᠯᠭᠠᠰᠤ᠂ ᠴᠢᠶᠠᠨ ᠵᠢᠶᠠ ᠳ᠋ᠢᠶᠠᠨ ᠪᠠᠯᠭᠠᠰᠤ᠂ ᠢᠦᠢ ᠯᠢᠶᠠᠩ ᠫᠦ᠋ ᠪᠠᠯᠭᠠᠰᠤ᠂ ᠮᠡᠯᠡᠭᠡᠶᠢᠲᠦ | ᠪᠠᠯᠭᠠᠰᠤ᠂ ᠹᠧᠩ ᠲᠢᠶᠠᠨ ᠪᠠᠯᠭᠠᠰᠤ᠂ ᠴᠢᠩ ᠾᠧ ᠪᠠᠯᠭᠠᠰᠤ(清河镇)᠂ ᠢᠦᠢ ᠰᠢᠨ ᠪᠠᠯᠭᠠᠰᠤ᠂ | ᠴᠢᠩ ᠾᠧ ᠪᠠᠯᠭᠠᠰᠤ(庆和镇)᠂ ᠤᠷᠪᠤᠭ ᠪᠠᠯᠭᠠᠰᠤ᠂ ᠮᠤᠷᠤᠶᠢᠨ ᠰᠦᠮ᠎ᠡ ᠰᠤᠮᠤ︔ ᠬᠤᠷᠠᠬᠤ ᠤᠤᠯ | ᠡᠭᠦᠯᠳᠡᠷ ᠤᠨ ᠦᠷᠡᠵᠢᠯ ᠤᠨ ᠲᠠᠯᠠᠪᠠᠢ᠂ ᠮᠤᠷᠤᠶᠢᠨ ᠰᠦᠮ᠎ᠡ ᠶᠢᠨ ᠬᠤᠨᠢᠨ ᠤ ᠲᠠᠯᠠᠪᠠᠢ᠂ ᠵᠧ ᠨᠠᠨ ᠲᠠᠷᠢᠶᠠᠯᠠᠩ ᠤᠨ | ᠲᠠᠯᠠᠪᠠᠢ᠂ ᠰᠠᠨ ᠢ ᠲᠠᠩ ᠲᠠᠷᠢᠶᠠᠯᠠᠩ ᠤᠨ ᠲᠠᠯᠠᠪᠠᠢ᠂ ᠪᠠᠨ ᠵᠢᠶᠧ ᠳ᠋ᠢᠶᠠᠨ ᠮᠠᠯᠵᠢᠯ ᠤᠨ ᠲᠠᠯᠠᠪᠠᠢ᠃ | | | |