ᠬᠤᠷᠴᠢᠨ ᠲᠣᠭᠤᠷᠢᠭ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2023/3/7
   ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠠᠵᠤ ᠠᠬᠤᠶᠢᠯᠠᠯ ᠤᠨ ᠣᠨᠴᠠᠯᠢᠭ ᠲᠤ ᠴᠢᠭᠯᠡᠭᠦᠯᠦᠨ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢᠨ ᠬᠡᠷᠡᠭᠵᠢᠭᠦᠯᠬᠦ ᠲᠥᠰᠥᠯ ᠲᠣᠭᠲᠠᠭᠠᠵᠤ᠂ ᠪᠥᠬᠦ ᠲᠠᠯ᠎ᠠ ᠪᠠᠷ᠂ ᠭᠦᠨᠵᠡᠭᠡᠢ᠂ ᠨᠠᠷᠢᠨ ᠨᠢᠮᠪᠠᠢ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠡᠮ ᠰᠣᠭᠤᠭ ᠢ ᠴᠠᠭ ᠲᠤᠬᠠᠢ ᠳᠤᠨᠢ ᠪᠦᠲᠦᠮᠵᠢᠲᠡᠶ ᠠᠷᠢᠯᠭᠠᠪᠠ᠃ᠬᠤᠷᠴᠢᠨ ᠲᠣᠭᠤᠷᠢᠭ ᠤᠨ ᠬᠢᠨ ᠠᠮᠤᠷ ᠲᠦᠪᠰᠢᠨ ᠤ ᠮᠡᠳᠡᠯᠭᠡ ᠶᠢ ᠭᠦᠨᠵᠡᠭᠡᠢ ᠤᠬᠠᠭᠤᠯᠵᠤ᠂ ᠣᠯᠠᠨ ᠬᠡᠯᠪᠡᠷᠢ᠂ ᠣᠯᠠᠨ ᠲᠠᠰ ᠳᠠᠪᠬᠤᠷᠭ᠎ᠠ᠂ ᠣᠯᠠᠨ ᠠᠷᠭ᠎ᠠ ᠵᠠᠮ ᠢᠶᠠᠷ ᠤᠬᠠᠭᠤᠯᠤᠨ ᠬᠥᠮᠥᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ᠡᠭᠦᠨ ᠤ ᠬᠠᠮᠲᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠪᠦᠬᠦ ᠬᠦᠴᠦᠨ ᠢᠶᠠᠷ ᠢᠶᠠᠨ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号