ᠠᠵᠢᠯ ᠠᠯᠳᠠᠯᠲᠠ ᠶᠢᠨ ᠨᠥᠬᠦᠪᠦᠷᠢ ᠮᠥᠩᠭᠦ ᠶᠢ ᠭᠦᠢᠴᠡᠳᠬᠡᠬᠦ ᠵᠢᠭᠠᠯᠲᠠ | ︵ᠨᠢᠭᠡ︶ ᠭᠤᠶᠤᠴᠢᠯᠠᠨ ᠠᠪᠬᠤ ᠨᠥᠬᠦᠴᠡᠯ | 2022 ᠣᠨ ᠳᠤ ᠨᠥᠬᠦᠴᠡᠯ ᠳᠤ ᠨᠡᠶᠢᠴᠡᠬᠦ ᠪᠣᠯᠪᠠᠴᠤ ᠭᠤᠶᠤᠴᠢᠯᠠᠨ ᠠᠪᠤᠭᠰᠠᠨ ᠦᠭᠡᠢ ᠠᠵᠢᠯ ᠠᠯᠳᠠᠭᠰᠠᠳ᠂ | 2023 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠰᠢᠨ᠎ᠡ ᠪᠠᠷ ᠨᠡᠮᠡᠭᠳᠡᠭᠰᠡᠨ ᠠᠵᠢᠯ | ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠨᠥᠬᠦᠴᠡᠯ ᠳᠤ ᠨᠡᠶᠢᠴᠡᠬᠦ ᠦᠭᠡᠢ ᠳᠠᠭᠠᠳᠬᠠᠯ ᠳᠤ ᠣᠷᠣᠯᠴᠠᠭᠰᠠᠨ | ᠠᠵᠢᠯ ᠠᠯᠳᠠᠭᠰᠠᠳ ᠪᠠ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠬᠤᠭᠤᠴᠠᠭ᠎ᠠ ᠨᠢ ᠳᠦᠭᠦᠷᠦᠭᠰᠡᠨ | ᠪᠠᠶᠢᠲᠠᠯ᠎ᠠ ᠮᠥᠨ ᠠᠵᠢᠯ ᠣᠯᠣᠭᠠᠳᠤᠢ ᠠᠵᠢᠯ ᠠᠯᠳᠠᠭᠰᠠᠳ ᠠᠵᠢᠯ ᠠᠯᠳᠠᠯᠲᠠ ᠶᠢᠨ ᠨᠥᠬᠦᠪᠦᠷᠢ ᠮᠥᠩᠭᠦ ᠶᠢ | ᠦᠷᠭᠦᠯᠵᠢᠯᠡᠨ ᠭᠤᠶᠤᠴᠢᠯᠠᠨ ᠠᠪᠴᠤ ᠪᠣᠯᠣᠨ᠎ᠠ᠂ ᠭᠥᠯᠢᠶᠡᠨ ᠠᠪᠴᠤ ᠰᠢᠢᠳᠪᠦᠷᠢᠯᠡᠬᠦ ᠬᠤᠭᠤᠴᠠᠭ᠎ᠠ ᠶᠢ 2023 | ᠣᠨ ᠤ 3 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ ᠤᠷᠲᠤᠳᠬᠠᠨ᠎ᠠ᠃ | ︵ᠬᠤᠶᠠᠷ︶ ᠭᠤᠶᠤᠴᠢᠯᠠᠨ ᠠᠪᠬᠤ ᠠᠷᠭ᠎ᠠ ᠮᠠᠶ᠋ᠢᠭ | 1. ᠠᠵᠢᠯ ᠠᠯᠳᠠᠭᠰᠠᠳ ᠪᠡᠶ᠎ᠡ ᠶᠢᠨ ᠦᠨᠡᠮᠯᠡᠯ ᠪᠤᠶᠤ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ | ᠺᠠᠷᠲ ᠢᠶᠠᠨ ᠠᠪᠴᠤ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠯᠠᠩᠭᠦᠢ ᠶᠢᠨ ᠠᠵᠢᠯᠲᠠᠨ ᠤ ᠴᠣᠩᠬᠤᠨ ᠳᠤ ᠬᠦᠷᠴᠦ ᠭᠤᠶᠤᠴᠢᠯᠠᠨ | ᠠᠪᠴᠤ ᠪᠣᠯᠣᠨ᠎ᠠ︔ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠯᠪᠠᠨ ᠰᠦᠯᠵᠢᠶ᠎ᠡ ︵http://rst.nmg.gov. | cn/nmrsw/︶ ᠶᠢᠨ ᠰᠦᠯᠵᠢᠶᠡᠨ ᠳᠡᠭᠡᠷᠡᠬᠢ ᠬᠡᠷᠡᠭ ᠡᠷᠭᠢᠯᠡᠬᠦ ᠲᠢᠩᠬᠢᠮ ᠳᠠᠬᠢ ᠬᠤᠪᠢ ᠬᠥᠮᠥᠨ ᠤ ᠬᠡᠷᠡᠭ | ᠡᠷᠭᠢᠯᠡᠬᠦ ᠲᠤᠰᠬᠠᠢ ᠪᠤᠯᠤᠩ ᠢᠶᠠᠷ ᠳᠠᠮᠵᠢᠭᠤᠯᠤᠨ ᠭᠤᠶᠤᠴᠢᠯᠠᠨ ᠠᠪᠤᠨ᠎ᠠ︔ | 3. ᠤᠯᠤᠰ ᠤᠨ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ︵http://si.12333.gov. | cn︶ ᠤᠨ ᠬᠠᠷᠠᠭᠠᠯᠵᠠᠯ ᠭᠤᠶᠤᠴᠢᠯᠠᠬᠤ ᠲᠤᠰᠬᠠᠢ ᠪᠤᠯᠤᠩ ᠢᠶᠠᠷ ᠳᠠᠮᠵᠢᠭᠤᠯᠤᠨ ᠭᠤᠶᠤᠴᠢᠯᠠᠨ᠎ᠠ︔ | 4. ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠭᠠᠷ | ᠤᠲᠠᠰᠤᠨ ᠤ APP᠂ ᠥᠪᠥᠷ ᠮᠣᠩᠭᠤᠯ ᠤᠨ ᠲᠦᠷᠭᠡᠨ ᠳᠠᠪᠬᠢᠬᠤ ᠠᠯᠪᠠᠨ ᠭᠡᠷ ᠤᠨ ᠭᠠᠷ ᠤᠲᠠᠰᠤᠨ ᠤ APP | ᠪᠠᠷ ᠳᠠᠮᠵᠢᠭᠤᠯᠤᠨ ᠭᠤᠶᠤᠴᠢᠯᠠᠨ ᠠᠪᠤᠨ᠎ᠠ︔ | 5. ᠲᠣᠭᠠᠴᠠᠭ᠎ᠠ ᠡᠷᠳᠡᠨᠢ᠂ ᠭᠠᠷ ᠤᠲᠠᠰᠤᠨ ᠤ ᠸᠢᠴᠠᠲ ᠤᠨ ᠡᠯᠧᠺᠲᠷᠣᠨ ᠨᠡᠶᠢᠭᠡᠮ ᠤᠨ ᠳᠠᠭᠠᠳᠬᠠᠯ ᠤᠨ | ᠺᠠᠷᠲ ᠤᠨ ᠦᠢᠯᠡᠴᠢᠯᠡᠭᠡ ᠪᠠᠷ ᠳᠠᠮᠵᠢᠭᠤᠯᠤᠨ ᠭᠤᠶᠤᠴᠢᠯᠠᠨ ᠠᠪᠤᠨ᠎ᠠ᠃ | | | |