ᠠᠯᠪᠠᠨ ᠮᠡᠳᠡᠭᠡ᠄ ᠪᠥᠬᠦ ᠬᠤᠲᠠ ᠶᠢᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2023/4/1
         ᠲᠦᠩᠯᠢᠶᠣᠣ ᠬᠤᠷᠴᠢᠨ ᠵᠠᠰᠠᠭ ᠲᠠᠷᠬᠠᠭᠠᠬᠤ〔2023〕31 ᠳ᠋ᠦᠭᠡᠷ ᠲᠣᠭᠠᠲᠤᠬᠤᠲᠠ ᠶᠢᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ᠄       2023 ᠣᠨ ᠤ 2 ᠰᠠᠷ᠎ᠠ ᠶᠢᠨ 27 ᠤ ᠡᠳᠦᠷ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ  ᠪᠦᠬᠦ ᠬᠤᠳᠠ ᠶᠢᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ ᠬᠤᠷᠴᠢᠨ ᠲᠣᠭᠤᠷᠢᠭ ᠤᠨ ᠬᠢᠨ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠠᠭᠤᠯᠠ ᠤᠰᠤᠨ ᠤ ᠲᠦᠷᠦᠯ ᠵᠦᠢᠯ ᠪᠣᠯᠣᠨ ᠡᠸᠦ᠋ᠷᠦᠫᠡ  ᠪᠡᠯᠡ ᠣᠷᠣᠭᠤᠯᠤᠯᠲᠠ ᠶᠢᠨ ᠪᠠᠩᠬᠢ ᠶᠢᠨ ᠲᠦᠷᠦᠯ ᠵᠦᠢᠯ ᠢ ᠪᠦᠬᠦ ᠬᠦᠴᠦᠨ ᠢᠶᠠᠷ ᠠᠬᠢᠭᠤᠯᠵᠠᠢ᠃ ᠤᠳᠤ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠳᠣᠣᠷᠠᠬᠢ ᠮᠡᠲᠦ ᠮᠡᠳᠡᠭᠦᠯᠦᠶ᠎ᠡ᠄       ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠥᠬᠦ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ       2 ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠪᠠᠢ ᠪᠠᠭᠠᠨ᠎ᠠ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠠᠭᠤᠯᠠ ᠤᠰᠤᠨ ᠤ ᠲᠥᠷᠥᠯ ᠵᠦᠢᠯ᠂ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠲᠥᠷᠥᠯ ᠵᠦᠢᠯ ᠤᠨ ᠲᠤᠰᠬᠠᠢ ᠰᠡᠳᠦᠪᠲᠦ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠲᠠ ᠶᠢᠨ ᠪᠠᠭᠤᠯᠭᠠᠭᠰᠠᠨ ᠡᠭᠦᠷᠭᠡ ᠲᠠᠢ ᠬᠠᠷᠢᠴᠠᠭᠤᠯᠵᠤ ᠦᠵᠡᠪᠡᠯ᠂ ᠵᠦᠢᠯ ᠵᠤᠷᠪᠤᠰ ᠳᠠᠷᠠᠭᠠᠯᠠᠨ ᠡᠮᠬᠢᠯᠡᠵᠦ᠂ ᠠᠰᠠᠭᠤᠳᠠᠯ ᠤᠨ ᠰᠢᠯᠲᠠᠭᠠᠨ ᠢ ᠭᠦᠨᠵᠡᠭᠡᠢ ᠵᠠᠳᠠᠯᠵᠤ᠂ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠰᠬᠠᠵᠤ᠂ ᠲᠤᠰᠬᠠᠢ ᠬᠥᠮᠥᠨ ᠲᠣᠬᠢᠷᠠᠭᠤᠯᠤᠨ ᠬᠠᠷᠢᠭᠤᠴᠠᠨ ᠠᠬᠢᠭᠤᠯᠵᠤ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨ ᠰᠢᠯᠭᠠᠨ ᠠᠪᠬᠤ ᠠᠬᠢᠴᠠ ᠪᠠᠨ ᠲᠦᠷᠭᠡᠳᠬᠡᠵᠦ᠂ ᠬᠢᠷᠢ ᠲᠡᠩᠴᠡᠬᠦ ᠦᠭᠡᠢ ᠪᠠᠷᠢᠯᠭ᠎ᠠ ᠶᠢ ᠰᠢᠯᠭᠠᠨ ᠠᠪᠬᠤ ᠳᠤ᠂ ᠪᠠᠷᠢᠯᠭ᠎ᠠ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠡᠨᠡ ᠵᠢᠯ ᠤᠨ ᠬᠠᠪᠤᠷ ᠤᠨ ᠤᠯᠠᠷᠢᠯ ᠤᠨ ᠣᠶᠢᠵᠢᠭᠤᠯᠬᠤ ᠠᠴᠠ ᠡᠮᠦᠨ᠎ᠡ ᠨᠥᠬᠦᠵᠦ ᠳᠠᠷᠢᠭᠤᠯᠬᠤ ᠬᠡᠷᠡᠭᠲᠡᠢ᠂ ᠡᠨᠡ ᠵᠢᠯ ᠠᠴᠠ ᠡᠬᠢᠯᠡᠨ ᠪᠠᠷᠢᠯᠭ᠎ᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠥᠬᠦᠴᠡᠯ ᠪᠦᠷᠢᠳᠦᠭᠰᠡᠨ ᠮᠠᠭᠤᠳᠠᠭᠰᠠᠨ ᠣᠶ ᠶᠢ ᠲᠦᠷᠭᠡᠬᠡᠨ ᠣᠭᠲᠣᠯᠵᠤ᠂ ᠪᠠᠷᠢᠯᠭ᠎ᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠭᠦᠢᠴᠡᠳ ᠠᠭᠤᠳᠠᠯᠤᠨ᠂ ᠪᠠᠷᠢᠯᠭ᠎ᠠ ᠶᠢᠨ ᠨᠢᠭᠡᠴᠢ ᠲᠠᠢ ᠢᠳᠡᠪᠬᠢᠲᠡᠢ ᠵᠣᠯᠭᠠᠭᠤᠯᠵᠤ᠂ ᠪᠠᠷᠢᠯᠭ᠎ᠠ ᠶᠢᠨ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃        3 ᠰᠠᠷ᠎ᠠ ᠶᠢᠨ 1 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠰᠢᠶᠣᠣ ᠳ᠋ᠦᠩ ᠡᠯ᠎ᠡ ᠰᠤᠮᠤ ᠪᠠᠯᠭᠠᠰᠤ ᠲᠠᠯᠠᠪᠠᠶ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠤᠰᠬᠠᠢ ᠰᠡᠳᠦᠪᠲᠦ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠪᠦᠬᠦ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠤᠨ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠵᠤ᠂ ᠠᠭᠤᠯᠠ ᠤᠰᠤᠨ ᠤ ᠲᠥᠷᠥᠯ ᠵᠦᠢᠯ ᠪᠠ ᠡᠸᠦ᠋ᠷᠦᠫᠡ ᠪᠡᠯᠡ ᠣᠷᠣᠭᠤᠯᠤᠯᠲᠠ ᠶᠢᠨ ᠪᠠᠩᠬᠢ ᠶᠢᠨ ᠲᠥᠷᠥᠯ ᠵᠦᠢᠯ ᠢ ᠪᠦᠬᠦ ᠲᠠᠯ᠎ᠠ ᠪᠠᠷ ᠲᠣᠬᠢᠷᠠᠭᠤᠯᠤᠨ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠡᠯ᠎ᠡ ᠰᠤᠮᠤ ᠪᠠᠯᠭᠠᠰᠤᠨ ᠤ ᠲᠠᠯᠠᠪᠠᠶ᠂ ᠬᠥᠳᠡᠭᠡ ᠲᠣᠰᠬᠤᠨ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠤᠬᠠᠭᠤᠯᠤᠨ ᠳᠠᠶᠢᠴᠢᠯᠠᠬᠤ᠂ ᠵᠥᠷᠢᠴᠡᠯ ᠵᠢᠭᠤᠷᠠᠯᠳᠤᠭᠠᠨ᠂ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ᠂ ᠭᠠᠵᠠᠷ ᠰᠢᠷᠣᠢ ᠶᠢ ᠨᠠᠶᠢᠳᠠᠪᠤᠷᠢᠵᠢᠭᠤᠯᠬᠤ᠂ ᠦᠷ᠎ᠡ ᠪᠦᠲᠦᠭᠡᠯ ᠢ ᠬᠠᠮᠢᠶᠠᠷᠤᠨ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ ᠰᠠᠶᠢᠲᠤᠷ ᠬᠢᠵᠦ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠶᠢ ᠬᠠᠷᠢᠭᠤᠴᠠᠨ᠂ ᠲᠥᠷᠥᠯ ᠵᠦᠢᠯ ᠤᠨ ᠠᠩᠬ᠎ᠠ ᠠᠯᠬᠤᠮ ᠤᠨ ᠰᠢᠯᠭᠠᠨ ᠠᠪᠬᠤ ᠠᠬᠢᠴᠠ ᠶᠢ ᠲᠦᠷᠭᠡᠳᠬᠡᠵᠦ᠂ ᠳᠣᠲᠣᠭᠠᠳᠤ ᠶᠢ ᠬᠠᠮᠠᠭᠠᠯᠠᠬᠤ᠂ ᠣᠶ ᠰᠢᠭᠤᠢ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ ᠵᠢᠴᠢ ᠰᠤᠮᠤ ᠪᠠᠯᠭᠠᠰᠤ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠤᠯᠠᠭᠠᠶᠢᠯᠠᠨ ᠮᠠᠯᠵᠢᠵᠤ ᠳᠤᠷ᠎ᠠ ᠪᠠᠷ ᠢᠶᠠᠨ ᠮᠠᠯᠵᠢᠬᠤ᠂ ᠵᠣᠷᠢᠭᠤᠳᠠ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠵᠡᠷᠭᠡ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠬᠦᠴᠦᠨ ᠢᠶᠠᠷ ᠬᠠᠮᠠᠭᠠᠯᠠᠨ᠎ᠠ᠃       ᠬᠤᠶᠠᠷ᠂ ᠪᠠᠷᠢᠯᠭ᠎ᠠ ᠶᠢᠨ ᠬᠤᠭᠤᠴᠠᠭ᠎ᠠ ᠶᠢ ᠪᠥᠬᠦ ᠬᠦᠴᠦᠨ ᠢᠶᠠᠷ ᠵᠠᠪᠳᠤᠨ ᠠᠳᠬᠤᠵᠤ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠠᠬᠢᠴᠠ ᠶᠢ ᠲᠦᠷᠭᠡᠳᠬᠡᠨ᠎ᠡ      ︵ᠨᠢᠭᠡ︶ ᠠᠭᠤᠯᠠ ᠤᠰᠤᠨ ᠤ ᠲᠥᠷᠥᠯ ᠵᠦᠢᠯ᠃ ᠶᠡᠷᠦᠩᠬᠡᠢ ᠡᠭᠦᠷᠭᠡ ᠨᠢ 31.32 ᠲᠦᠮᠡᠨ ᠮᠦ ᠪᠠᠶᠢᠵᠤ ᠂ ᠨᠡᠶᠢᠲᠡ 4 ᠪᠡᠶ᠎ᠡ ᠲᠠᠢ ᠲᠥᠷᠥᠯ ᠵᠦᠢᠯ ᠳᠤ ᠬᠤᠯᠪᠣᠭᠳᠠᠨ᠎ᠠ᠂ ᠡᠭᠦᠨ ᠳᠤ᠄        ᠨᠢᠭᠡ ᠳᠤ᠂ ᠳᠤᠮᠳᠠ ᠬᠡᠰᠡᠭ ᠤᠨ ᠬᠡᠰᠡᠭ ᠣᠷᠣᠨ ᠤ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠰᠡᠷᠭᠦᠭᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ᠄ ᠨᠡᠶᠢᠲᠡ 3.17 ᠲᠦᠮᠡᠨ ᠮᠦ᠂ ᠡᠭᠦᠨ ᠳᠤ ᠡᠯᠡᠰᠦ ᠪᠢᠲᠡᠭᠦᠮᠵᠢᠯᠡᠨ ᠣᠶᠢᠵᠢᠭᠤᠯᠬᠤ 1.67 ᠲᠦᠮᠡᠨ ᠮᠦ ︵1.21 ᠲᠦᠮᠡᠨ ᠮᠦ ᠬᠠᠰᠢᠶᠠᠯᠠᠨ ᠪᠢᠲᠡᠭᠦᠮᠵᠢᠯᠡᠨ ᠪᠣᠶᠢᠵᠢᠭᠤᠯᠵᠤ᠂ 0.46 ᠲᠦᠮᠡᠨ ᠮᠦ ᠨᠥᠬᠦᠵᠦ ᠳᠠᠷᠢᠵᠤ ᠨᠥᠬᠦᠵᠦ ᠳᠠᠷᠢᠨ᠎ᠠ︶᠂ 1.5 ᠲᠦᠮᠡᠨ ᠮᠦ ᠬᠥᠮᠥᠨ ᠤ ᠬᠦᠴᠦ ᠪᠠᠷ ᠣᠶᠢᠵᠢᠭᠤᠯᠤᠨ᠎ᠠ᠃ 1.21 ᠲᠦᠮᠡᠨ ᠮᠦ ᠶᠢᠨ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ ᠡᠭᠦᠷᠭᠡ ᠶᠢ ᠨᠢᠭᠡᠨᠲᠡ ᠪᠡᠶᠡᠯᠡᠭᠦᠯᠵᠦ᠂ 0.15 ᠲᠦᠮᠡᠨ ᠮᠦ ᠶᠢ ᠨᠥᠬᠦᠵᠦ ᠳᠠᠷᠢᠬᠤ ᠶᠢ ᠨᠢᠭᠡᠨᠲᠡ ᠪᠡᠶᠡᠯᠡᠭᠦᠯᠵᠦ᠂ 0.31 ᠲᠦᠮᠡᠨ ᠮᠦ ᠶᠢᠨ ᠦᠯᠡᠳᠡᠭᠰᠡᠨ 0.31 ᠲᠦᠮᠡᠨ ᠮᠦ ᠶᠢ ᠮᠤᠷᠤᠢ ᠶᠢᠨ ᠰᠦᠮ᠎ᠡ ᠰᠤᠮᠤᠨ ᠳᠤ ᠨᠢᠭᠡᠨᠲᠡ ᠨᠠᠶᠢᠳᠠᠪᠤᠷᠢᠵᠢᠭᠤᠯᠪᠠ︔ ᠬᠥᠮᠥᠨ ᠤ ᠬᠦᠴᠦ ᠪᠠᠷ ᠣᠶᠢᠵᠢᠭᠤᠯᠬᠤ ᠠᠵᠢᠯ ᠢ ᠨᠢᠭᠡᠨᠲᠡ 1 ᠲᠦᠮᠡᠨ ᠮᠦ ᠪᠡᠶᠡᠯᠡᠭᠦᠯᠵᠦ᠂ ᠦᠯᠡᠳᠡᠭᠰᠡᠨ 0.5 ᠲᠦᠮᠡᠨ ᠮᠦ ᠭᠠᠵᠠᠷ ᠢ ᠨᠢᠭᠡᠨᠲᠡ ᠪᠦᠬᠦᠨ ᠢ ᠨᠠᠶᠢᠳᠠᠪᠤᠷᠢᠵᠢᠭᠤᠯᠪᠠ᠃       ᠬᠤᠶᠠᠷ ᠲᠤ᠂ ᠮᠠᠭᠤᠳᠠᠭᠰᠠᠨ ᠣᠶ ᠰᠢᠭᠤᠢ ᠶᠢ ᠬᠡᠰᠡᠭᠯᠡᠨ ᠰᠡᠷᠭᠦᠭᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ᠄ ᠨᠡᠶᠢᠲᠡ 4.47 ᠲᠦᠮᠡᠨ ᠮᠦ ︵7480 ᠮᠦ ᠨᠥᠬᠦᠵᠦ ᠳᠠᠷᠢᠵᠤ ᠰᠡᠷᠭᠦᠭᠡᠨ᠂ 37220 ᠮᠦ ᠰᠢᠨᠡᠳᠬᠡᠨ ᠣᠶᠢᠵᠢᠭᠤᠯᠤᠨ᠎ᠠ︶᠃ 7400 ᠮᠦ ᠨᠥᠬᠦᠨ ᠳᠠᠷᠢᠵᠤ ᠰᠡᠯᠪᠢᠨ ᠵᠠᠰᠠᠬᠤ ᠶᠢ ᠨᠢᠭᠡᠨᠲᠡ ᠪᠡᠶᠡᠯᠡᠭᠦᠯᠵᠦ᠂ ᠦᠯᠡᠳᠡᠭᠰᠡᠨ 80 ᠮᠦ ᠭᠠᠵᠠᠷ ᠢ ᠨᠢᠭᠡᠨᠲᠡ ᠪᠦᠬᠦᠨ ᠢ ᠨᠠᠶᠢᠳᠠᠪᠤᠷᠢᠵᠢᠭᠤᠯᠪᠠ︔ 37220 ᠮᠦ ᠶᠢ ᠰᠢᠨᠡᠳᠬᠡᠨ ᠣᠶᠢᠵᠢᠭᠤᠯᠬᠤ ᠳᠤ᠂ ᠡᠮᠬᠢᠯᠡᠨ ᠳᠢᠭᠯᠡᠬᠦ᠂ ᠢᠯᠭᠠᠷᠠᠭᠤᠯᠤᠨ ᠪᠠᠶᠢᠴᠠᠭᠠᠬᠤ᠂ ᠠᠳᠠᠯᠢᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠩᠭᠡᠷᠡᠭᠰᠡᠨ ᠵᠢᠯ ᠤᠳ ᠤᠨ ᠣᠶᠢᠵᠢᠭᠤᠯᠤᠯᠲᠠ ᠳᠤ ᠬᠢᠷᠢ ᠲᠡᠩᠴᠡᠬᠦ ᠦᠭᠡᠢ ᠭᠠᠵᠠᠷ᠂ ᠮᠣᠳᠣ ᠣᠭᠲᠣᠯᠣᠭᠰᠠᠨ ᠭᠠᠵᠠᠷ ᠤᠨ ᠰᠢᠨᠡᠳᠬᠡᠨ ᠣᠶᠢᠵᠢᠭᠤᠯᠤᠭᠠᠳᠤᠢ ᠭᠠᠵᠠᠷ ᠵᠢᠴᠢ ᠪᠤᠰᠤᠳ ᠣᠶ ᠮᠣᠳᠣ ᠦᠭᠡᠢ ᠭᠠᠵᠠᠷ 7500 ᠮᠦ᠂ 2022 ᠣᠨ ᠤ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠣᠶᠢᠵᠢᠭᠤᠯᠤᠯᠲᠠ ᠶᠢᠨ ᠭᠠᠵᠠᠷ 5000 ᠮᠦ᠂ ᠮᠣᠳᠣ ᠣᠭᠲᠣᠯᠬᠤ ᠨᠥᠬᠦᠴᠡᠯ ᠲᠠᠢ ᠮᠠᠭᠤᠳᠠᠭᠰᠠᠨ ᠣᠶ 2.47 ᠲᠦᠮᠡᠨ ᠮᠦ ᠪᠠᠶᠢᠬᠤ ᠶᠢ ᠨᠠᠶᠢᠳᠠᠪᠤᠷᠢᠵᠢᠭᠤᠯᠵᠤ᠂ ᠣᠳᠣᠬᠠᠨ ᠳᠤ ᠶᠠᠭ ᠮᠣᠳᠣ ᠣᠭᠲᠣᠯᠬᠤ ᠠᠵᠢᠯ ᠤᠨ ᠵᠢᠷᠤᠭ ᠲᠥᠯᠥᠪᠯᠡᠭᠡ ᠬᠢᠵᠦ᠂ ᠬᠠᠪᠤᠷ ᠤᠨ ᠤᠯᠠᠷᠢᠯ ᠳᠤ ᠲᠣᠭᠲᠠᠭᠰᠠᠨ ᠬᠤᠭᠤᠴᠠᠭᠠᠨ ᠳᠠᠭᠠᠨ ᠪᠠᠷᠢᠯᠭ᠎ᠠ ᠡᠬᠢᠯᠡᠭᠦᠯᠵᠦ ᠪᠣᠯᠣᠨ᠎ᠠ᠃       ᠭᠤᠷᠪᠠ ᠳᠤ᠂ ᠳᠤᠮᠳᠠ ᠨᠢᠯᠬ᠎ᠠ ᠮᠣᠳᠣᠨ ᠤ ᠣᠶ ᠮᠣᠳᠣ ᠶᠢ ᠠᠷᠠᠴᠢᠯᠠᠨ ᠪᠣᠶᠢᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ᠄ 3.68 ᠲᠦᠮᠡᠨ ᠮᠦ ᠶᠢ ᠶᠡᠷᠦᠩᠬᠡᠶᠢᠯᠡᠨ ᠠᠷᠠᠴᠢᠯᠠᠨ ᠪᠣᠶᠢᠵᠢᠭᠤᠯᠤᠨ᠎ᠠ᠃ ᠬᠡᠷᠡᠭᠵᠢᠭᠦᠯᠬᠦ ᠭᠠᠵᠠᠷ ᠢ ᠨᠢᠭᠡᠨᠲᠡ ᠪᠦᠬᠦᠨ ᠢ ᠨᠠᠶᠢᠳᠠᠪᠤᠷᠢᠵᠢᠭᠤᠯᠵᠤ᠂ ᠨᠢᠭᠡᠨᠲᠡ ᠳᠠᠭᠠᠭᠠᠴᠢᠯᠠᠯᠲᠠ ᠣᠯᠣᠭᠰᠠᠨ ᠨᠢᠭᠡᠴᠢ ᠲᠠᠢ ᠵᠣᠯᠭᠠᠭᠤᠯᠵᠤ᠂ ᠳᠠᠭᠠᠭᠠᠴᠢᠯᠠᠯᠲᠠ ᠣᠯᠣᠭᠰᠠᠨ ᠨᠢᠭᠡᠴᠢ ᠨᠢ ᠵᠢᠷᠤᠭ ᠲᠥᠯᠥᠪᠯᠡᠭᠡ ᠪᠠᠨ ᠬᠤᠪᠢᠷᠠᠭᠤᠯᠵᠤ᠂ ᠬᠤᠲᠠ ᠶᠢᠨ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠲᠥᠪ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠬᠡᠷᠡᠭᠵᠢᠭᠦᠯᠵᠦ ᠪᠣᠯᠣᠨ᠎ᠠ᠃       ᠳᠥᠷᠪᠡ ᠳᠤ ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢᠨ ᠡᠭᠦᠷᠭᠡ᠄ ᠨᠡᠶᠢᠲᠡ 20 ᠲᠦᠮᠡᠨ ᠮᠦ᠃ ᠣᠳᠣᠬᠠᠨ ᠳᠤ ᠨᠢᠭᠡᠨᠲᠡ 1157 ᠤᠰᠤᠨ ᠰᠤᠷᠪᠤᠯᠵᠢ ᠶᠢᠨ ᠬᠤᠳᠳᠤᠭ ᠢ ᠪᠠᠶᠢᠭᠤᠯᠵᠤ ᠳᠠᠭᠤᠰᠬᠠᠭᠠᠳ᠂ 78.6% ᠶᠢᠨ ᠬᠠᠷᠢᠴᠠᠯ ᠢ ᠪᠡᠶᠡᠯᠡᠭᠦᠯᠪᠡ︔ 770812 ᠮᠧᠲᠷ ᠤᠨ ᠭᠠᠵᠠᠷ ᠲᠤ ᠪᠤᠯᠠᠬᠤ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 38.8% ᠶᠢᠨ ᠬᠠᠷᠢᠴᠠᠯ ᠢ ᠪᠡᠶᠡᠯᠡᠭᠦᠯᠪᠡ᠃ ᠣᠳᠣᠬᠠᠨ ᠳᠤ ᠶᠠᠭ ᠬᠤᠳᠳᠤᠭ ᠮᠠᠯᠲᠠᠬᠤ ᠪᠠ ᠥᠨᠳᠥᠷ ᠬᠦᠴᠦᠳᠡᠯᠲᠦ ᠴᠠᠬᠢᠯᠭᠠᠨ ᠤᠲᠠᠰᠤᠨ ᠤ ᠪᠠᠭᠠᠨ᠎ᠠ ᠲᠠᠲᠠᠬᠤ ᠠᠵᠢᠯ ᠢ ᠬᠢᠵᠦ ᠪᠠᠶᠢᠨ᠎ᠠ᠃       ︵ᠬᠤᠶᠠᠷ︶ ᠡᠸᠦ᠋ᠷᠦᠫᠡ ᠪᠡᠯᠡ ᠣᠷᠣᠭᠤᠯᠤᠯᠲᠠ ᠶᠢᠨ ᠪᠠᠩᠬᠢ ᠶᠢᠨ ᠣᠶᠢᠵᠢᠭᠤᠯᠬᠤ ᠲᠥᠷᠥᠯ ᠵᠦᠢᠯ᠃ 11.65 ᠲᠦᠮᠡᠨ ᠮᠦ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠂ 8.8 ᠲᠦᠮᠡᠨ ᠮᠦ ᠶᠢ ᠨᠢᠭᠡᠨᠲᠡ ᠪᠡᠶᠡᠯᠡᠭᠦᠯᠪᠡ᠃ ᠦᠯᠡᠳᠡᠭᠰᠡᠨ 2.85 ᠲᠦᠮᠡᠨ ᠮᠦ ᠶᠢ ᠡᠨᠡ ᠵᠢᠯ ᠪᠦᠬᠦᠨ ᠢᠶᠠᠷ ᠨᠢ ᠳᠠᠭᠤᠰᠬᠠᠵᠤ᠂ ᠣᠳᠣᠬᠠᠨ ᠳᠤ ᠭᠠᠵᠠᠷ ᠰᠢᠷᠣᠢ  ᠶᠢ ᠪᠦᠬᠦᠨ ᠢᠶᠠᠷ ᠨᠢ ᠨᠠᠶᠢᠳᠠᠪᠤᠷᠢᠵᠢᠭᠤᠯᠵᠠᠢ᠃ ︵7500 ᠮᠦ ᠣᠶᠢᠵᠢᠭᠤᠯᠤᠯᠲᠠ ᠶᠢᠨ ᠭᠠᠵᠠᠷ ᠢ ᠨᠠᠶᠢᠳᠠᠪᠤᠷᠢᠵᠢᠭᠤᠯᠤᠨ᠎ᠠ︔ 2.1 ᠲᠦᠮᠡᠨ ᠮᠦ ᠮᠣᠳᠣ ᠣᠭᠲᠣᠯᠬᠤ ᠨᠥᠬᠦᠴᠡᠯ ᠲᠠᠢ ᠮᠠᠭᠤᠳᠠᠭᠰᠠᠨ ᠣᠶ ᠮᠣᠳᠣ ᠶᠢ ᠨᠠᠶᠢᠳᠠᠪᠤᠷᠢᠵᠢᠭᠤᠯᠵᠤ᠂ ᠣᠲᠣ ᠶᠠᠭ ᠮᠣᠳᠣ ᠣᠭᠲᠣᠯᠬᠤ ᠠᠵᠢᠯ ᠤᠨ ᠵᠢᠷᠤᠭ ᠲᠥᠯᠥᠪᠯᠡᠭᠡ ᠶᠢ ᠬᠢᠵᠦ ᠪᠣᠶ︶                                            ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                           2023 ᠣᠨ ᠤ 3 ᠰᠠᠷ᠎ᠠ ᠶᠢᠨ 8 ᠤ ᠡᠳᠦᠷ      ᠠᠭᠤᠯᠠ ᠤᠰᠤ ᠬᠢᠭᠡᠳ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠦᠢᠯ ᠤᠨ ᠲᠤᠰᠬᠠᠢ ᠠᠩᠭᠢ       ᠳᠤᠭᠤᠶᠢᠯᠠᠩ ᠤᠨ ᠳᠠᠷᠤᠭ᠎ᠠ᠄ ᠪᠠᠢ ᠪᠠᠭᠠᠨ᠎ᠠ  ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ       ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ᠄ ᠵᠠᠩ ᠴᠧᠩ  ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ      ᠳᠤᠭᠤᠶᠢᠯᠠᠩ ᠤᠨ ᠳᠡᠳ᠋ ᠳᠠᠷᠤᠭ᠎ᠠ᠄ ᠴᠢ ᠬᠦᠶ  ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠶᠢᠨ ᠳᠠᠷᠤᠭ᠎ᠠ       ᠵᠠᠩ ᠬᠠᠢ ᠹᠧᠩ  ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ       ᠸᠠᠩ   ᠵᠢᠶᠦ᠋ᠨ  ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯᠴᠢᠨ ᠤ ᠡᠪᠯᠡᠯ ᠤᠨ ᠲᠡᠷᠢᠭᠦᠯᠡᠭᠴᠢ       ᠪᠦᠷᠢᠯᠳᠦᠭᠦᠨ᠄ ᠸᠠᠩ ᠬᠤᠩ ᠴᠧᠩ  ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ       ᠭᠧᠩ ᠶᠠ ᠵᠢᠩ  ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ       ᠶᠣᠣ ᠯᠢ ᠹᠧᠩ   ᠲᠣᠭᠤᠷᠢᠭ ᠤᠨ ᠣᠶ ᠰᠢᠭᠤᠢ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠠᠯᠪᠠᠨ ᠭᠡᠷ ᠤᠨ ᠳᠡᠳ᠋ ᠡᠷᠬᠢᠯᠡᠭᠴᠢ       ᠵᠠᠩ ᠰᠢᠶᠣᠣ ᠾᠦᠢ  ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ       ᠼᠦᠢ ᠶᠠᠩ   ᠲᠦᠷᠵᠢ ᠠᠭᠤᠯᠠ ᠰᠢᠭᠤᠢ ᠶᠢᠨ ᠲᠠᠯᠠᠪᠠᠢ ᠶᠢᠨ ᠺᠠᠳ᠋ᠷ       ᠵᠣᠣ ᠶᠤᠸᠠᠢ    ᠴᠢᠩ  ᠾᠧ ︵庆和︶ᠣᠶ ᠰᠢᠭᠤᠢ ᠶᠢᠨ ᠲᠠᠯᠠᠪᠠᠶ ᠶᠢᠨ ᠺᠠᠳ᠋ᠷ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号