ᠰᠤᠷᠪᠤᠯᠵᠢᠯᠠᠭᠰᠠᠨ ᠴᠠᠭ᠄ 2023-04-10 | ᠰᠤᠷᠪᠤᠯᠵᠢᠯᠠᠭᠰᠠᠨ ᠵᠣᠴᠢᠨ᠄ ᠾᠧ ᠢᠦᠢ ᠰᠢᠨ | ᠲᠣᠪᠴᠢᠯᠠᠯ᠄ ᠠᠭᠤᠯᠭ᠎ᠠ ᠶᠢ ᠨᠢ ᠨᠢᠭᠡᠴᠢ ᠶᠢᠨ ᠲᠣᠰ ᠪᠡᠶ᠎ᠡ ᠶᠢᠨ ᠠᠵᠢᠯ ᠤᠨ ᠪᠠᠶᠢᠳᠠᠯ ᠲᠠᠢ ᠤᠶᠠᠯᠳᠤᠭᠤᠯᠤᠨ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠢ ᠤᠶᠠᠯᠳᠤᠭᠤᠯᠵᠤ᠂ ᠣᠯᠠᠨ ᠲᠦᠮᠡᠨ ᠤ ᠠᠩᠬᠠᠷᠴᠤ | ᠪᠠᠶᠢᠭ᠎ᠠ ᠬᠠᠯᠠᠭᠤᠨ ᠴᠡᠭ ᠤᠨ ᠪᠠ ᠲᠦᠪᠡᠭᠲᠡᠢ ᠠᠰᠠᠭᠤᠳᠠᠯ ᠳᠤ ᠬᠠᠷᠢᠭᠤᠯᠲᠠ ᠥᠭᠬᠦ ᠶᠢ ᠬᠦᠰᠡᠵᠦ ᠪᠠᠶᠢᠨ᠎ᠠ᠃ | ᠦᠰᠦᠭ ᠪᠢᠴᠢᠭ ᠤᠨ ᠪᠣᠳᠠᠲᠤ ᠲᠡᠮᠳᠡᠭᠯᠡᠯ | ᠬᠥᠲᠥᠯᠥᠭᠴᠢ᠄ ᠦᠵᠡᠭᠴᠢᠳ ᠨᠠᠶᠢᠵᠠ ᠨᠠᠷ ᠰᠠᠶᠢᠨ ᠪᠠᠶᠢᠵᠠᠭᠠᠨ᠎ᠠ ᠦᠦ᠂ ᠥᠨᠥᠳᠥᠷ ᠪᠢᠳᠡ ᠮᠠᠰᠢ ᠠᠵᠠ | ᠵᠠᠪᠰᠢᠶᠠᠨ ᠲᠠᠢ ᠪᠠᠷ ᠬᠤᠷᠴᠢᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠤ ᠳᠠᠷᠤᠭ᠎ᠠ ᠾᠧ ᠢᠦᠢ ᠰᠢᠨ ᠢ ᠰᠣᠷᠪᠤᠯᠵᠢᠯᠠᠭ᠎ᠠ ᠶᠢᠨ ᠲᠤᠬᠠᠢ ᠶᠢᠨ | ᠲᠠᠯᠠᠪᠠᠶ ᠳᠤ ᠤᠷᠢᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠳᠤ ᠴᠠᠭ ᠲᠤᠬᠠᠢ ᠳᠤᠨᠢ | ᠬᠠᠷᠢᠭᠤᠯᠲᠠ ᠥᠭᠴᠦ᠂ ᠠᠷᠭ᠎ᠠ ᠬᠡᠮᠵᠢᠶ᠎ᠡ ᠪᠠᠨ ᠬᠡᠯᠡᠯᠴᠡᠨ᠂ ᠣᠪᠣᠷ ᠢᠶᠠᠨ ᠢᠯᠡᠳᠬᠡᠵᠦ᠂ ᠨᠡᠶᠢᠭᠡᠮ ᠤᠨ ᠣᠯᠠᠨ ᠲᠦᠮᠡᠨ ᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠾᠧ ᠲᠣᠪᠴᠢᠶᠠᠨ ᠳᠠᠷᠤᠭ᠎ᠠ᠂ ᠲᠠ ᠰᠠᠶᠢᠨ ᠦᠦ︖ | ᠵᠣᠴᠢᠨ ᠾᠧ ᠢᠦᠢ ᠰᠢᠨ᠄ ᠬᠥᠲᠥᠯᠥᠭᠴᠢ᠂ ᠲᠠ ᠰᠠᠶᠢᠨ ᠦᠦ︖ | ᠬᠥᠲᠥᠯᠥᠭᠴᠢ᠄ ᠶᠠᠭᠤᠨ ᠤ ᠡᠮᠦᠨ᠎ᠡ ᠾᠧ ᠲᠣᠪᠴᠢᠶᠠᠨ ᠳᠠᠷᠤᠭ᠎ᠠ ᠪᠢᠳᠡᠨ ᠳᠤ ᠲᠤᠭ᠎ᠠ ᠪᠦᠷᠢᠳᠬᠡᠯ ᠤᠨ ᠡᠭᠦᠷᠭᠡ | ᠴᠢᠳᠠᠪᠤᠷᠢ ᠳᠤ ᠬᠢᠨᠠᠯᠲᠠ ᠲᠠᠯᠪᠢᠬᠤ ᠶᠢᠨ ᠴᠢᠬᠤᠯᠠ ᠠᠴᠢ ᠬᠤᠯᠪᠣᠭᠳᠠᠯ ᠢ ᠶᠠᠷᠢᠵᠤ ᠥᠭᠬᠦ ᠪᠣᠯᠪᠠᠤ᠃ | ᠵᠣᠴᠢᠨ ᠾᠧ ᠢᠦᠢ ᠰᠢᠨ᠄ 2021 ᠣᠨ ᠤ 12 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠲᠤᠭ᠎ᠠ ᠪᠦᠷᠢᠳᠬᠡᠯ ᠤᠨ | ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠨᠡᠩ ᠪᠦᠲᠦᠮᠵᠢᠲᠡᠶ ᠪᠠᠳᠠᠷᠠᠭᠤᠯᠬᠤ ᠲᠤᠬᠠᠢ ᠰᠠᠨᠠᠯ︾ ᠢ | ᠳᠠᠷᠤᠮᠠᠯᠯᠠᠨ ᠲᠠᠷᠬᠠᠭᠠᠵᠤ᠂ ᠡᠨᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ | ᠲᠤᠭ᠎ᠠ ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠴᠢᠩ ᠰᠡᠳᠬᠢᠯ ᠤᠨ ᠬᠦᠰᠡᠯ | ᠨᠠᠶᠢᠳᠠᠯᠭᠠᠶᠢ ᠭᠦᠢᠴᠡᠳ ᠬᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠳᠦᠷᠢᠮ ᠤᠨ ᠲᠠᠯ᠎ᠠ ᠠᠴᠠ ᠲᠤᠭ᠎ᠠ ᠪᠦᠷᠢᠳᠬᠡᠯ ᠤᠨ | ᠬᠢᠨᠠᠯᠲᠠ ᠲᠠᠯᠪᠢᠬᠤ ᠶᠢ ᠴᠢᠩᠭᠠᠳᠬᠠᠬᠤ ᠡᠷᠡᠰ ᠪᠠᠲᠤ ᠵᠣᠷᠢᠭ ᠢ ᠬᠠᠷᠠᠭᠤᠯᠵᠤ ᠪᠠᠶᠢᠨ᠎ᠠ᠂ ᠡᠨᠡ ᠪᠣᠯ ᠪᠢᠳᠡᠨ ᠤ ᠲᠤᠭ᠎ᠠ | ᠪᠦᠷᠢᠳᠬᠡᠯ ᠤᠨ ᠠᠵᠢᠯ ᠢ ᠰᠠᠶᠢᠲᠤᠷ ᠬᠢᠬᠦ ᠶᠢᠨ ᠰᠢᠨᠵᠢᠯᠡᠬᠦ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ ᠮᠥᠨ᠃ | ᠮᠠᠨ ᠤ ᠲᠣᠭᠤᠷᠢᠭ ᠤᠨ ᠲᠤᠭ᠎ᠠ ᠪᠦᠷᠢᠳᠬᠡᠯ ᠤᠨ ᠰᠢᠰᠲ᠋ᠧᠮ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠭᠤᠶᠢᠪᠢᠰᠢ ᠦᠭᠡᠢ ᠰᠠᠶᠢᠲᠤᠷ ᠠᠳᠬᠤᠬᠤ ᠬᠡᠷᠡᠭᠲᠡᠢ᠃ | | ᠬᠥᠲᠥᠯᠥᠭᠴᠢ᠄ ᠳᠣᠣᠷ᠎ᠠ ᠪᠢ ᠲᠤᠭ᠎ᠠ ᠪᠦᠷᠢᠳᠬᠡᠯ ᠤᠨ ᠬᠢᠨᠠᠯᠲᠠ ᠶᠢᠨ ᠴᠢᠬᠤᠯᠠ ᠠᠴᠢ ᠬᠤᠯᠪᠣᠭᠳᠠᠯ ᠢ ᠶᠠᠷᠢᠶ᠎ᠠ᠃ | ᠵᠣᠴᠢᠨ ᠾᠧ ᠢᠦᠢ ᠰᠢᠨ᠄ ᠲᠤᠭ᠎ᠠ ᠪᠦᠷᠢᠳᠬᠡᠯ ᠤᠨ ᠠᠵᠢᠯ ᠨᠢ ᠨᠠᠮ ᠪᠠ ᠤᠯᠤᠰ ᠤᠨ ᠠᠵᠢᠯ ᠦᠢᠯᠡᠰ ᠤᠨ | ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠤᠯᠤᠰ ᠤᠨ ᠪᠠᠶᠢᠳᠠᠯ ᠤᠯᠤᠰ ᠤᠨ ᠬᠦᠴᠦᠨ ᠢ ᠣᠶᠢᠯᠠᠭᠠᠬᠤ᠂ | ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤᠮᠳᠠ ᠴᠢᠬᠤᠯᠠ ᠦᠢᠯᠡᠳᠦᠯ ᠪᠠᠳᠠᠷᠠᠭᠤᠯᠵᠤ ᠪᠠᠶᠢᠳᠠᠭ᠃ | ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠨᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠪᠠᠶᠢᠯᠳᠤᠬᠤ | ᠪᠣᠳᠣᠯᠭ᠎ᠠ ᠶᠢᠨ ᠮᠠᠭᠠᠳᠯᠠᠯᠲᠠ ᠶᠢ ᠰᠢᠭᠤᠳ ᠨᠥᠯᠥᠭᠡᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢ ᠨᠥᠯᠥᠭᠡᠯᠡᠵᠦ᠂ ᠠᠷᠠᠳ ᠤᠨᠠᠮᠢᠳᠤᠷᠠᠯ ᠤᠨ ᠠᠮᠢ ᠪᠡᠶ᠎ᠡ ᠶᠢᠨ ᠠᠰᠢᠭ ᠲᠤᠰᠠ ᠶᠢ ᠬᠠᠮᠠᠭᠠᠯᠠᠨ | ᠪᠡᠶᠡᠯᠡᠭᠦᠯᠬᠦ ᠶᠢ ᠨᠥᠯᠥᠭᠡᠯᠡᠵᠦ ᠪᠠᠶᠢᠨ᠎ᠠ᠃ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠶᠢᠨ ᠦᠨᠳᠦᠰᠦᠨ ᠬᠠᠷᠠᠯᠲᠠ ᠪᠣᠯ | ᠳᠠᠷᠤᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠶ᠂ ᠪᠦᠷᠢᠨ ᠪᠦᠲᠦᠨ ᠪᠥᠭᠡᠳ | ᠴᠠᠭ ᠲᠤᠬᠠᠢ ᠳᠤᠨᠢ ᠪᠠᠶᠢᠬᠤ ᠶᠢ ᠦᠨᠡᠨ ᠬᠦ ᠪᠠᠲᠤᠯᠠᠵᠤ᠂ ᠲᠤᠭ᠎ᠠ ᠪᠦᠷᠢᠳᠬᠡᠯ ᠤᠨ ᠬᠠᠭᠤᠷᠮᠠᠭᠯᠠᠨ ᠵᠣᠬᠢᠶᠠᠬᠤ᠂ ᠬᠤᠳᠠᠯ ᠢᠶᠠᠷ | ᠵᠣᠬᠢᠶᠠᠨ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠭᠡᠵᠦ᠂ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢᠨ ᠦᠨᠡᠨ ᠪᠣᠳᠠᠲᠠᠢ ᠪᠤᠰᠤ ᠪᠠᠶᠢᠳᠠᠯ ᠨᠢ ᠰᠢᠢᠳᠪᠦᠷᠢᠲᠦ ᠪᠣᠳᠣᠯᠭ᠎ᠠ ᠶᠢᠨ ᠮᠠᠭᠠᠳᠯᠠᠯᠲᠠ ᠶᠢ ᠬᠠᠷᠰᠢᠯᠠᠬᠤ ᠠᠴᠠ | ᠵᠠᠶᠢᠯᠠᠰᠬᠢᠵᠦ᠂ ᠲᠤᠭ᠎ᠠ ᠪᠦᠷᠢᠳᠬᠡᠯ ᠤᠨ ᠣᠷᠴᠢᠨ ᠨᠥᠬᠦᠴᠡᠯ ᠢ ᠴᠡᠪᠡᠷᠰᠢᠭᠦᠯᠦᠨ᠂ ᠨᠠᠮ ᠪᠠ ᠵᠠᠰᠠᠭ ᠤᠨ ᠣᠷᠳᠣᠨ ᠤ ᠤᠯᠠᠨ | ᠨᠡᠶᠢᠲᠡ ᠶᠢ ᠢᠲᠡᠭᠡᠭᠦᠯᠬᠦ ᠬᠦᠴᠦᠨ ᠢ ᠬᠠᠮᠠᠭᠠᠯᠠᠬᠤ ᠶᠠᠪᠤᠳᠠᠯ ᠪᠣᠯᠣᠨ᠎ᠠ᠃ | ᠵᠣᠴᠢᠨ ᠾᠧ ᠢᠦᠢ ᠰᠢᠨ᠄ ᠲᠤᠭ᠎ᠠ ᠪᠦᠷᠢᠳᠬᠡᠯ ᠤᠨ ᠬᠢᠨᠠᠯᠲᠠ ᠪᠣᠯ ᠨᠠᠮ ᠪᠠ ᠤᠯᠤᠰ ᠤᠨ ᠬᠢᠨᠠᠯᠲᠠ ᠲᠠᠯᠪᠢᠬᠤ | ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠲᠡᠭᠦᠨ ᠳᠤ ᠣᠷᠣᠯᠠᠭᠤᠯᠵᠤ ᠪᠣᠯᠣᠰᠢ ᠦᠭᠡᠢ ᠦᠢᠯᠡᠳᠦᠯ ᠪᠠ | ᠳᠠᠪᠠᠭᠤᠯᠢᠭ ᠲᠠᠢ ᠪᠠᠶᠢᠳᠠᠭ᠃ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠣᠯ ᠲᠤᠰᠬᠠᠢ ᠬᠢᠨᠠᠯᠲᠠ ᠲᠠᠯᠪᠢᠬᠤ ᠶᠠᠪᠤᠳᠠᠯ | ᠪᠣᠯᠣᠨ᠎ᠠ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠠᠶᠢᠭᠤᠯᠭ᠎ᠠ ᠶᠢᠨ ᠲᠤᠭ᠎ᠠ ᠪᠦᠷᠢᠳᠬᠡᠯ ᠤᠨ ᠲᠤᠰᠬᠠᠢ ᠮᠡᠷᠭᠡᠵᠢᠯ | ᠤᠷ᠎ᠠ ᠴᠢᠳᠠᠪᠤᠷᠢ ᠶᠢ ᠬᠡᠷᠡᠭᠯᠡᠨ ᠪᠠᠶᠢᠩᠭᠤ ᠶᠢᠨ ᠴᠢᠨᠠᠷᠲᠠᠢ ᠠᠵᠢᠯ ᠲᠦᠷᠦᠯ ᠤᠨ ᠬᠢᠨᠠᠯᠲᠠ ᠲᠠᠯᠪᠢᠬᠤ ᠪᠠ ᠬᠦᠷᠢᠶ᠎ᠡ | ᠬᠡᠪᠴᠢᠶᠡᠨ ᠤ ᠬᠢᠨᠠᠯᠲᠠ ᠲᠠᠯᠪᠢᠬᠤ ᠶᠢ ᠥᠷᠨᠢᠭᠦᠯᠬᠦ ᠴᠢᠬᠤᠯᠠ ᠬᠡᠯᠪᠡᠷᠢ ᠪᠣᠯᠣᠨ᠎ᠠ᠃ ᠲᠤᠭ᠎ᠠ ᠪᠦᠷᠢᠳᠬᠡᠯ ᠤᠨ ᠬᠢᠨᠠᠯᠲᠠ | ᠲᠠᠯᠪᠢᠬᠤ ᠪᠣᠯ ᠲᠤᠬᠠᠶᠢᠯᠠᠭᠰᠠᠨ ᠠᠵᠢᠯ ᠤᠨ ᠬᠢᠨᠠᠯᠲᠠ ᠮᠥᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ | ᠪᠠᠶᠢᠴᠠᠭᠠᠨ ᠵᠠᠳᠠᠯᠬᠤ ᠪᠠᠷ ᠳᠡᠮᠵᠢᠨ᠂ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠲᠤᠬᠠᠶᠢᠯᠠᠭᠰᠠᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠣᠨᠣᠪᠴᠢᠲᠠᠶ | ᠡᠵᠡᠮᠳᠡᠬᠦ ᠬᠡᠷᠡᠭᠲᠡᠢ᠃ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠣᠯ ᠶᠡᠷᠦᠩᠬᠡᠶᠢᠯᠡᠭᠰᠡᠨ ᠬᠢᠨᠠᠯᠲᠠ ᠮᠥᠨ᠂ ᠲᠤᠭ᠎ᠠ | ᠪᠦᠷᠢᠳᠬᠡᠯ ᠤᠨ ᠬᠢᠨᠠᠯᠲᠠ ᠲᠠᠯᠪᠢᠬᠤ ᠪᠠᠶᠢᠭᠤᠯᠭ᠎ᠠ ᠨᠢ ᠡᠯ᠎ᠡ ᠲᠦᠷᠦᠯ ᠤᠨ ᠲᠤᠭ᠎ᠠ ᠪᠦᠷᠢᠳᠬᠡᠯ ᠤᠨ ᠡᠲᠡᠭᠡᠳ ᠤᠨ | ᠬᠠᠩᠭᠠᠭᠰᠠᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠢᠲᠡᠭᠡᠮᠵᠢᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ | ᠮᠥᠷᠲᠡᠭᠡᠨ ᠪᠠᠰᠠ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯᠯᠠᠭ᠎ᠠ ᠪᠠᠷ ᠳᠠᠮᠵᠢᠭᠤᠯᠤᠨ ᠠᠷᠢᠭᠤᠨ ᠴᠢᠬᠡᠴᠢ ᠪᠠᠷ | ᠵᠠᠰᠠᠭ ᠪᠠᠷᠢᠬᠤ ᠠᠶᠤᠯ ᠲᠦᠭᠰᠢᠭᠦᠷᠢ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠰᠦᠪᠡᠭᠴᠢ ᠶᠢ | ᠢᠯᠡᠷᠡᠭᠦᠯᠵᠦ᠂ ᠨᠡᠶᠢᠲᠡ ᠶᠢᠨ ᠡᠷᠬᠡ ᠶᠢᠨ ᠰᠠᠶᠢᠨ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠢ᠃ | ᠬᠥᠲᠥᠯᠥᠭᠴᠢ᠄ ᠮᠠᠨ ᠤ ᠲᠣᠭᠤᠷᠢᠭ ᠤᠨ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠠᠵᠢᠯ ᠢ | ᠬᠡᠷᠬᠢᠨ ᠰᠠᠶᠢᠲᠤᠷ ᠬᠢᠬᠦ ᠪᠤᠢ︖ | ᠵᠣᠴᠢᠨ ᠾᠧ ᠢᠦᠢ ᠰᠢᠨ᠄ ᠮᠠᠨ ᠤ ᠲᠣᠭᠤᠷᠢᠭ ᠤᠨ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ | ᠴᠢᠳᠠᠪᠤᠷᠢ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠮᠢᠨᠤ ᠦᠵᠡᠬᠦ ᠪᠠᠷ ᠳᠣᠣᠷᠠᠬᠢ ᠬᠡᠳᠦᠨ | ᠲᠠᠯ᠎ᠠ ᠠᠴᠠ ᠭᠠᠷᠳᠠᠬᠤ ᠬᠡᠷᠡᠭᠲᠡᠢ᠄ ᠨᠢᠭᠡ ᠳᠤ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | ᠪᠥᠬᠦ ᠲᠣᠭᠤᠷᠢᠭ ᠤᠨ ᠡᠯ᠎ᠡ ᠰᠤᠮᠤ ᠪᠠᠯᠭᠠᠰᠤ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ | ᠭᠤᠳᠤᠮᠵᠢ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ | ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ | ᠰᠤᠷᠤᠯᠴᠠᠨ ᠣᠶᠢᠯᠠᠭᠠᠵᠤ᠂ ︽ᠲᠤᠭ᠎ᠠ ᠪᠦᠷᠢᠳᠬᠡᠯ ᠤᠨ ᠬᠠᠤᠯᠢ︾ ᠪᠠ ︽ᠬᠢᠨᠠᠯᠲᠠ ᠲᠠᠯᠪᠢᠬᠤ ᠰᠠᠨᠠᠯ︾ ᠤᠨ ᠣᠶᠢᠯᠠᠭᠠᠬᠤ | ᠬᠡᠮᠵᠢᠶ᠎ᠡ ᠪᠠ ᠬᠡᠷᠡᠭᠵᠢᠭᠦᠯᠬᠦ ᠬᠦᠴᠦᠨ ᠢ ᠦᠨᠡᠨᠬᠦ ᠳᠡᠭᠡᠭᠰᠢᠯᠡᠭᠦᠯᠵᠦ᠂ ᠨᠠᠷᠢᠨ ᠨᠠᠶᠢᠳᠠᠪᠤᠷᠢᠵᠢᠭᠤᠯᠬᠤ ᠡᠯ᠎ᠡ ᠵᠦᠢᠯ ᠤᠨ | ᠪᠣᠳᠠᠲᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠵᠣᠴᠢᠨ ᠾᠧ ᠢᠦᠢ ᠰᠢᠨ᠄ ᠬᠤᠶᠠᠳᠤᠭᠠᠷ ᠲᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠬᠦᠴᠦᠯᠡᠨ ᠳᠡᠭᠡᠭᠰᠢᠯᠡᠭᠦᠯᠦᠨ᠎ᠡ᠃ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠪᠠᠷ | ᠭᠤᠣᠯᠳᠠᠯᠭ᠎ᠠ ᠪᠣᠯᠭᠠᠵᠤ᠂ ᠪᠣᠯᠪᠠᠰᠤᠷᠠᠭᠤᠯᠤᠯ ᠤᠨ ᠵᠢᠯᠤᠭᠤᠳᠬᠤ ᠡᠷᠴᠢᠮ ᠢ ᠴᠢᠩᠭᠠᠷᠠᠭᠤᠯᠤᠨ᠂ ᠦᠨᠳᠦᠰᠦᠨ ᠱᠠᠲᠤᠨ ᠤ | ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠡᠬᠢ ᠡᠭᠦᠰᠦᠯ ᠤᠨ | ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ ᠪᠥᠬᠦ ᠲᠠᠯ᠎ᠠ ᠶᠢ ᠦᠨᠡᠨᠬᠦ ᠪᠠᠲᠤᠯᠠᠵᠤ᠂ ᠵᠠᠰᠠᠭ ᠤᠨ ᠣᠷᠳᠣᠨ ᠤ | ᠲᠤᠭ᠎ᠠ ᠪᠦᠷᠢᠳᠬᠡᠯ ᠤᠨ ᠲᠥᠪ ᠴᠢᠩᠭ᠎ᠠ ᠴᠢᠨᠠᠷ᠂ ᠡᠷᠬᠡ ᠰᠦᠷᠲᠦ ᠴᠢᠨᠠᠷ ᠪᠠ ᠨᠡᠶᠢᠲᠡ ᠶᠢᠨ ᠢᠲᠡᠭᠡᠮᠵᠢ ᠶᠢ ᠦᠨᠡᠨᠬᠦ | ᠬᠠᠮᠠᠭᠠᠯᠠᠨ᠎ᠠ᠃ | ᠵᠣᠴᠢᠨ ᠾᠧ ᠢᠦᠢ ᠰᠢᠨ᠄ ᠭᠤᠷᠪᠠᠳᠤᠭᠠᠷ ᠲᠤ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠵᠢᠯᠯᠠᠭ᠎ᠠ ᠶᠢᠨ | ᠰᠦᠪᠡᠭᠴᠢ ᠶᠢ ᠣᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠠᠴᠠ | ᠵᠥᠷᠢᠴᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠤᠭ᠎ᠠ ᠪᠦᠷᠢᠳᠬᠡᠯ ᠤᠨ | ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ︽ᠨᠢᠭᠡ ᠪᠢᠯᠧᠲ ᠪᠠᠷ ᠦᠭᠡᠶᠢᠰᠬᠡᠬᠦ ᠳᠦᠷᠢᠮ︾ ᠢ | ᠴᠢᠩᠭ᠎ᠠ ᠨᠠᠶᠢᠳᠠᠪᠤᠷᠢᠵᠢᠭᠤᠯᠤᠨ᠎ᠠ᠃ ᠲᠤᠭ᠎ᠠ ᠪᠦᠷᠢᠳᠬᠡᠯ ᠤᠨ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠷᠠᠭᠤᠯᠵᠤ᠂ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠤ ᠠᠬᠤᠶᠢᠯᠠᠯ ᠢ ᠴᠠᠭ ᠲᠤᠬᠠᠢ ᠳᠤᠨᠢ ᠢᠯᠡ ᠨᠡᠶᠢᠲᠡᠯᠡᠬᠦ ᠪᠠ | ᠬᠤᠯᠪᠤᠭᠠᠯᠠᠨ ᠵᠠᠯᠬᠠᠭᠠᠨ ᠴᠡᠭᠡᠷᠯᠡᠭᠦᠯᠦᠨ᠎ᠡ᠃ | ᠵᠣᠴᠢᠨ ᠾᠧ ᠢᠦᠢ ᠰᠢᠨ᠄ ᠳᠥᠷᠪᠡᠳᠦᠭᠡᠷ ᠲᠤ᠂ ᠲᠤᠭ᠎ᠠ ᠪᠦᠷᠢᠳᠬᠡᠯ ᠤᠨ ᠬᠢᠨᠠᠨ ᠬᠡᠮᠵᠢᠵᠦ ᠦᠨᠡᠯᠡᠬᠦ ᠰᠠᠭᠤᠷᠢ ᠶᠢ | ᠪᠠᠲᠤᠳᠬᠠᠨ᠎ᠠ᠃ ᠣᠯᠠᠨ ᠠᠷᠭ᠎ᠠ ᠵᠠᠮ ᠢᠶᠠᠷ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠬᠦᠴᠦᠨ ᠢ ᠴᠢᠷᠮᠠᠶᠢᠨ | ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯᠲᠠᠨ ᠤ ᠬᠡᠪ ᠴᠢᠨᠠᠷ ᠢ ᠪᠦᠲᠦᠮᠵᠢᠲᠡᠶ | ᠳᠡᠭᠡᠭᠰᠢᠯᠡᠭᠦᠯᠦᠨ᠎ᠡ᠃ ᠲᠤᠭ᠎ᠠ ᠪᠦᠷᠢᠳᠬᠡᠯ ᠤᠨ ᠳᠦᠷᠢᠮ ᠲᠣᠭᠲᠠᠭᠠᠯ ᠪᠠ ᠠᠷᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ | ᠲᠤᠭ᠎ᠠ ᠪᠦᠷᠢᠳᠬᠡᠯ ᠤᠨ ᠬᠢᠨᠠᠨ ᠰᠢᠨᠵᠢᠵᠦ ᠵᠠᠳᠠᠯᠤᠯᠲᠠ ᠬᠢᠬᠦ ᠪᠠ ᠳᠤᠲᠠᠭᠤᠳᠠᠯ ᠪᠠᠭᠤᠷᠠᠢ ᠵᠦᠢᠯᠡᠰ ᠤᠨ ᠭᠦᠢᠴᠡᠳᠬᠡᠯ | ᠲᠤᠭ᠎ᠠ ᠶᠢ ᠤᠷᠢᠳᠴᠢᠯᠠᠨ ᠰᠡᠷᠡᠮᠵᠢᠯᠡᠭᠦᠯᠵᠦ ᠰᠤᠳᠤᠯᠤᠨ ᠮᠠᠭᠠᠳᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ | ᠡᠩ ᠤᠨ ᠬᠢᠨᠠᠨ ᠬᠡᠮᠵᠢᠵᠦ ᠦᠨᠡᠯᠡᠬᠦ ᠶᠢᠨ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷᠢ ᠲᠤᠪᠤᠶᠢᠯᠭᠠᠵᠦ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠪᠣᠯᠣᠨ ᠠᠰᠠᠭᠤᠳᠠᠯ ᠢ ᠪᠤᠰᠤᠳᠴᠢ ᠪᠠᠷ ᠲᠤᠰᠬᠠᠨ᠎ᠠ᠃ | ᠵᠣᠴᠢᠨ ᠾᠧ ᠢᠦᠢ ᠰᠢᠨ᠄ | ᠲᠠᠪᠤᠳᠤᠭᠠᠷ ᠲᠤ᠂ ᠵᠣᠬᠢᠴᠠᠭᠤᠯᠤᠨ ᠨᠡᠪᠲᠡᠷᠡᠯᠴᠡᠬᠦ ᠶᠢ ᠴᠢᠩᠭᠠᠳᠬᠠᠨ᠎ᠠ᠃ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ | ᠬᠢᠭᠡᠳ ᠰᠠᠬᠢᠯᠭ᠎ᠠ ᠪᠠᠲᠤ ᠶᠢ ᠬᠢᠨᠠᠨ ᠪᠠᠶᠢᠴᠠᠭᠠᠬᠤ ᠵᠡᠷᠭᠡ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠪᠦᠲᠦᠮᠵᠢᠲᠡᠶ | ᠵᠣᠯᠭᠠᠯᠳᠤᠬᠤ᠂ ᠣᠷᠭᠠᠨᠢᠭ ᠢᠶᠠᠷ ᠨᠡᠪᠲᠡᠷᠡᠯᠴᠡᠬᠦ ᠶᠢ ᠠᠬᠢᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ | ᠰᠦᠪᠡᠭᠴᠢ ᠶᠢ ᠰᠢᠯᠵᠢᠭᠦᠯᠦᠨ ᠬᠦᠷᠭᠡᠬᠦ ᠲᠣᠭᠲᠠᠴᠠ ᠶᠢ ᠪᠦᠷᠢᠨᠰᠢᠭᠦᠯᠵᠦ᠂ ᠲᠤᠭ᠎ᠠ ᠪᠦᠷᠢᠳᠬᠡᠯ ᠬᠢᠭᠡᠳ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠣᠬᠢᠴᠠᠯᠳᠤᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠮᠡᠳᠡᠭᠡ | ᠵᠠᠩᠭᠢᠶᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠰᠢᠰᠲ᠋ᠧᠮ ᠨᠢ ᠪᠦᠷᠢᠨ ᠪᠦᠲᠦᠨ᠂ ᠬᠠᠮᠵᠢᠯᠴᠠᠭ᠎ᠠ ᠨᠢ ᠥᠨᠳᠥᠷ | ᠪᠦᠲᠦᠮᠵᠢᠲᠡᠶ᠂ ᠬᠢᠵᠠᠭᠠᠷᠯᠠᠯ ᠨᠢ ᠬᠦᠴᠦᠲᠡᠢ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠰᠢᠰᠲ᠋ᠧᠮᠵᠢᠶᠢ ᠲᠦᠷᠭᠡᠳᠬᠡᠨ | ᠪᠠᠶᠢᠭᠤᠯᠤᠨ᠎ᠠ᠃ | ᠬᠥᠲᠥᠯᠥᠭᠴᠢ᠄ ᠲᠤᠭ᠎ᠠ ᠪᠦᠷᠢᠳᠬᠡᠯ ᠤᠨ ᠬᠢᠨᠠᠯᠲᠠ ᠶᠢᠨ ᠬᠠᠮᠵᠢᠯᠴᠠᠨ ᠬᠠᠮᠵᠢᠯᠴᠠᠬᠤ ᠲᠣᠭᠲᠠᠴᠠ ᠶᠢ ᠬᠡᠷᠬᠢᠨ | ᠪᠠᠶᠢᠭᠤᠯᠤᠨ ᠲᠡᠭᠦᠯᠳᠡᠷᠵᠢᠭᠦᠯᠬᠦ ᠪᠤᠢ︖ | ᠵᠣᠴᠢᠨ ᠾᠧ ᠢᠦᠢ ᠰᠢᠨ᠄ ᠮᠢᠨᠤ ᠦᠵᠡᠬᠦ ᠪᠠᠷ ᠳᠣᠣᠷᠠᠬᠢ ᠳᠥᠷᠪᠡᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠬᠦ ᠬᠡᠷᠡᠭᠲᠡᠢ᠄ ᠨᠢᠭᠡ ᠳᠤ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠠ ᠴᠠᠭᠳᠠᠨ ᠪᠠᠶᠢᠴᠠᠭᠠᠵᠤ ᠬᠢᠨᠠᠯᠲᠠ | ᠲᠠᠯᠪᠢᠬᠤ ᠶᠢᠨ ᠬᠠᠮᠵᠢᠯᠴᠠᠬᠤ ᠶᠢ ᠴᠢᠩᠭᠠᠳᠬᠠᠨ᠎ᠠ᠃ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠠ ᠲᠣᠭᠤᠷᠢᠨ | ᠪᠠᠶᠢᠴᠠᠭᠠᠵᠤ ᠬᠢᠨᠠᠯᠲᠠ ᠲᠠᠯᠪᠢᠬᠤ ᠶᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠪᠡᠶᠡᠯᠡᠭᠦᠯᠵᠦ᠂ ᠬᠢᠨᠠᠯᠲᠠ ᠲᠠᠯᠪᠢᠬᠤ ᠠᠴᠠ | ᠡᠮᠦᠨᠡᠬᠢ ᠪᠠᠶᠢᠳᠠᠯ ᠢ ᠮᠡᠳᠡᠭᠳᠡᠬᠦ᠂ ᠬᠢᠨᠠᠯᠲᠠ ᠲᠠᠯᠪᠢᠬᠤ ᠬᠤᠭᠤᠴᠠᠭᠠᠨ ᠳᠤ ᠬᠠᠮᠵᠢᠯᠴᠠᠬᠤ᠂ ᠬᠢᠨᠠᠯᠲᠠ ᠲᠠᠯᠪᠢᠭᠰᠠᠨ ᠦᠷ᠎ᠡ | ᠪᠦᠲᠦᠭᠡᠯ ᠢ ᠬᠠᠮᠲᠤᠪᠠᠷ ᠡᠳ᠋ᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠶᠠᠷ ᠲᠤ ᠲᠤᠭ᠎ᠠ | ᠪᠦᠷᠢᠳᠬᠡᠯ ᠤᠨ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠶᠢᠨ | ᠬᠠᠮᠵᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠤᠭ᠎ᠠ ᠪᠦᠷᠢᠳᠬᠡᠯᠦᠨ ᠬᠢᠨᠠᠯᠲᠠ ᠲᠠᠯᠪᠢᠯᠲᠠ ᠬᠢᠭᠡᠳ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠯᠲᠠ ᠶᠢᠨ ᠮᠡᠳᠡᠭᠡ ᠵᠠᠩᠭᠢ ᠨᠡᠪᠲᠡᠷᠡᠯᠴᠡᠬᠦ᠂ ᠰᠦᠪᠡᠭᠴᠢ | ᠰᠢᠯᠵᠢᠭᠦᠯᠦᠨ ᠬᠦᠷᠭᠡᠬᠦ᠂ ᠠᠷᠭ᠎ᠠ ᠬᠡᠮᠵᠢᠶ᠎ᠡ ᠬᠠᠮᠵᠢᠯᠴᠠᠬᠤ᠂ ᠦᠷ᠎ᠡ ᠪᠦᠲᠦᠭᠡᠯ ᠢ ᠬᠠᠮᠲᠤᠪᠠᠷ ᠭᠥᠷᠳᠡᠬᠦ ᠵᠡᠷᠭᠡ ᠲᠠᠯ᠎ᠠ ᠶᠢᠨ | ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠭᠤᠷᠪᠠ ᠳᠤ᠂ ᠲᠤᠭ᠎ᠠ ᠪᠦᠷᠢᠳᠬᠡᠯ ᠤᠨ ᠪᠠᠶᠢᠭᠤᠯᠤᠮᠵᠢ | ᠪᠣᠯᠣᠨ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ ᠤᠨ ᠵᠣᠬᠢᠴᠠᠭᠤᠯᠭ᠎ᠠ ᠶᠢ | ᠴᠢᠩᠭᠠᠳᠬᠠᠨ᠎ᠠ᠃ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠠ ᠨᠠᠮ ᠠᠴᠠ ᠺᠠᠳ᠋ᠷ ᠢ ᠬᠠᠮᠢᠶᠠᠷᠬᠤ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠳᠣᠣᠷᠠᠳᠤ ᠱᠠᠲᠤᠨ ᠤ ᠲᠤᠭ᠎ᠠ ᠪᠦᠷᠢᠳᠬᠡᠯᠦᠨ ᠪᠠᠶᠢᠭᠤᠯᠤᠮᠵᠢ ᠶᠢᠨ ᠭᠤᠣᠯ | ᠬᠠᠷᠢᠭᠤᠴᠠᠯᠭᠠᠲᠠᠨ ᠢ ᠲᠣᠮᠢᠯᠠᠵᠤ ᠪᠠᠭᠤᠯᠭᠠᠬᠤ ᠠᠴᠠ ᠡᠮᠦᠨ᠎ᠡ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ ᠲᠤᠭ᠎ᠠ ᠪᠦᠷᠢᠳᠬᠡᠯ ᠤᠨ ᠬᠢᠨᠠᠯᠲᠠ ᠶᠢᠨ ᠦᠷ᠎ᠡ ᠳ᠋ᠦᠩ | ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠦᠨᠡᠯᠡᠬᠦ᠂ ᠲᠣᠮᠢᠯᠠᠬᠤ | ᠪᠠᠭᠤᠯᠭᠠᠬᠤ᠂ ᠱᠠᠩᠨᠠᠵᠤ ᠲᠣᠷᠭᠠᠬᠤ ᠴᠢᠬᠤᠯᠠ ᠯᠠᠪᠯᠠᠯᠲᠠ ᠪᠣᠯᠭᠠᠬᠤ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ | ᠮᠥᠴᠢᠷ ᠤᠳ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ | ︽ᠨᠢᠭᠡ ᠪᠢᠯᠧᠲ ᠪᠠᠷ ᠦᠭᠡᠶᠢᠰᠬᠡᠬᠦ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠳᠥᠷᠪᠡ ᠳᠤ ᠲᠤᠭ᠎ᠠ | ᠪᠦᠷᠢᠳᠬᠡᠯ ᠤᠨ ᠪᠠᠶᠢᠭᠤᠯᠤᠮᠵᠢ ᠪᠣᠯᠣᠨ ᠵᠠᠰᠠᠭ ᠤᠨ ᠣᠷᠳᠣᠨ ᠤ ᠠᠵᠤ ᠠᠬᠤᠢ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠵᠣᠬᠢᠴᠠᠯᠳᠤᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ | ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠠᠵᠢᠯ ᠢ ᠵᠢᠯᠤᠭᠤᠳᠬᠤ ᠪᠠ ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ | ᠲᠣᠰ ᠱᠠᠲᠤᠨ ᠤ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ ᠮᠥᠴᠢᠷ ᠯᠦᠭᠡ ᠵᠣᠬᠢᠴᠠᠯᠳᠤᠨ ᠬᠠᠮᠲᠤᠷᠠᠨ | ᠬᠥᠳᠡᠯᠦᠯᠴᠡᠬᠦ ᠶᠢ ᠴᠢᠩᠭᠠᠳᠬᠠᠨ᠂ ᠮᠡᠳᠡᠭᠡ ᠵᠠᠩᠭᠢᠶᠢ ᠬᠠᠮᠲᠤᠪᠠᠷ ᠭᠥᠷᠳᠡᠬᠦ ᠶᠢ ᠠᠬᠢᠭᠤᠯᠵᠤ᠂ ᠶᠡᠷᠦᠩᠬᠡᠶᠢᠯᠡᠨ ᠦᠨᠡᠯᠡᠬᠦ ᠶᠢ | ᠬᠡᠷᠡᠭᠵᠢᠭᠦᠯᠦᠨ᠂ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ᠃ | |