ᠬᠤᠷᠴᠢᠨ ᠲᠣᠭᠤᠷᠢᠭ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠮᠡᠭᠲᠡᠶᠢᠴᠦᠳ ᠬᠡᠦᠬᠡᠳ ᠤᠨ ᠠᠵᠢᠯ ᠤᠨ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/4/13
     ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠡᠮᠡᠭᠲᠡᠶᠢᠴᠦᠳ ᠬᠡᠦᠬᠡᠳ ᠤᠨ ᠠᠵᠢᠯ ᠤᠨ ᠳᠤᠮᠳᠠ ᠪᠠᠨ ᠡᠮᠡᠭᠲᠡᠶᠢᠴᠦᠳ ᠲᠤ ᠴᠢᠳᠠᠪᠤᠷᠢ ᠣᠯᠭᠤᠬᠤ᠂ ᠠᠵᠤ ᠦᠢᠯᠡᠰ ᠲᠤ ᠴᠢᠳᠠᠪᠤᠷᠢ ᠣᠯᠭᠤᠬᠤ᠂ ᠵᠢᠭᠰᠠᠭᠠᠯ ᠤᠨ ᠭᠠᠵᠠᠷ ᠲᠤ ᠴᠢᠳᠠᠪᠤᠷᠢ ᠣᠯᠭᠤᠬᠤ ᠪᠠᠷ ᠳᠠᠮᠵᠢᠭᠤᠯᠵᠤ᠂ ᠡᠮᠡᠭᠲᠡᠶᠢᠴᠦᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠤ ᠬᠦᠴᠦᠨ ᠴᠢᠳᠠᠯ ᠢᠶᠠᠨ ᠢᠯᠡᠷᠡᠭᠦᠯᠵᠦ᠂ ᠴᠤᠭ ᠵᠢᠪᠬᠤᠭ᠎ᠠ ᠪᠠᠨ ᠢᠯᠡᠷᠡᠭᠦᠯᠬᠦ ᠶᠢ ᠠᠬᠢᠭᠤᠯᠤᠭᠰᠠᠨ ᠪᠠᠶᠢᠨ᠎ᠠ᠃ᠬᠤᠷᠴᠢᠨ ᠲᠣᠭᠤᠷᠢᠭ ᠤᠨ ᠬᠢᠨ ᠬᠡᠦᠬᠡᠳ ᠤᠨ ᠨᠥᠬᠦᠷᠰᠡᠭ ᠭᠡᠷ ᠣᠷᠣᠨ᠂ ᠭᠡᠷ ᠤᠨ ᠠᠬᠠᠮᠠᠳ ᠤᠨ ᠰᠤᠷᠭᠠᠭᠤᠯᠢ ᠳᠤ ᠲᠦᠰᠢᠭᠯᠡᠬᠦ ᠶᠢ ᠪᠠᠷᠢᠮᠲᠠᠯᠠᠵᠤ᠂ ᠭᠡᠷ ᠪᠦᠯᠢ ᠶᠢᠨ ᠨᠥᠬᠦᠷᠰᠡᠭ᠂ ᠰᠢᠨᠵᠢᠯᠡᠬᠦ ᠤᠬᠠᠭᠠᠨᠴᠢ ᠪᠠᠷ ᠬᠡᠦᠬᠡᠳ ᠪᠣᠶᠢᠵᠢᠭᠤᠯᠬᠤ᠂ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠦᠨ᠎ᠡ᠃ᠡᠭᠦᠨ ᠤ ᠵᠡᠷᠭᠡ ᠳᠤ᠂ ︽ᠭᠡᠷ ᠪᠦᠯᠢ ᠰᠤᠷᠭᠠᠭᠤᠯᠢ ᠨᠡᠶᠢᠭᠡᠮ︾ ᠬᠠᠮᠲᠤᠷᠠᠨ ᠬᠥᠮᠥᠨ ᠬᠥᠮᠥᠵᠢᠭᠦᠯᠬᠦ ᠰᠢᠰᠲ᠋ᠧᠮ ᠢ ᠪᠠᠶᠢᠭᠤᠯᠬᠤ ᠶᠢ ᠠᠬᠢᠭᠤᠯᠬᠤ ᠪᠠᠷ ᠳᠠᠮᠵᠢᠭᠤᠯᠤᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠭᠡᠷ ᠪᠦᠯᠢ ᠳᠤ ᠨᠠᠶᠢᠳᠠᠪᠤᠷᠢᠵᠢᠭᠤᠯᠤᠭᠳᠠᠬᠤ ᠶᠢ ᠠᠬᠢᠭᠤᠯᠤᠨ᠎ᠠ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号