ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠡᠷᠳᠡᠨᠢ ᠰᠢᠰᠢ ᠶᠢᠨ ᠠᠵᠤ ᠦᠢᠯᠡᠰ ᠤᠨ | ᠬᠡᠯᠬᠢᠶ᠎ᠡ ᠶᠢᠨ ᠥᠨᠳᠦᠷᠯᠢᠭ ᠢ ᠲᠦᠷᠭᠡᠨ ᠪᠠᠶᠢᠭᠤᠯᠵᠤ᠂ ᠡᠷᠳᠡᠨᠢ ᠰᠢᠰᠢ ᠶᠢᠨ ᠠᠮᠢᠳᠤ ᠪᠣᠳᠠᠰ ᠤᠨ ᠰᠢᠨᠵᠢᠯᠡᠬᠦ | ᠤᠬᠠᠭᠠᠨ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠳᠡᠨᠢ ᠰᠢᠰᠢ ᠶᠢᠨ ᠠᠵᠤ ᠦᠢᠯᠡᠰ ᠤᠨ ᠲᠥᠪᠯᠡᠷᠡᠭᠰᠡᠨ | ᠂ ᠪᠦᠯᠦᠭᠵᠢᠭᠰᠡᠨ ᠬᠥᠭᠵᠢᠯᠲᠡ ᠶᠢ ᠠᠬᠢᠭᠤᠯᠵᠤ᠂ ᠬᠠᠢ ᠯᠢᠨ ᠠᠮᠢᠳᠤ ᠪᠣᠳᠠᠰ ᠤᠨ ᠲᠡᠵᠢᠭᠡᠯ ᠪᠣᠷᠳᠤᠭ᠎ᠠ ᠶᠢᠨ ᠲᠥᠷᠥᠯ | ᠵᠦᠢᠯ ᠨᠢ ᠴᠢᠨᠠᠷ ᠮᠠᠭᠤᠲᠠᠢ ᠡᠬᠢ ᠪᠠᠶᠠᠯᠢᠭ ᠤᠨ ᠠᠰᠢᠭᠯᠠᠯᠲᠠ ᠶᠢᠨ ᠬᠡᠯᠬᠢᠶ᠎ᠡ ᠶᠢ ᠪᠦᠲᠦᠮᠵᠢᠲᠡᠢ ᠤᠷᠲᠤᠳᠬᠠᠵᠤ᠂ | ᠱᠦᠨ ᠲᠦᠩ ᠠᠮᠢᠳᠤ ᠪᠣᠳᠠᠰ ᠤᠨ ᠡᠲ᠋ᠢᠯ ᠠᠯᠺᠣᠣᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠨᠢ | ᠠᠯᠺᠣᠣᠯ ᠤᠨ ᠲᠥᠷᠥᠯ ᠤᠨ ᠠᠵᠤ ᠦᠢᠯᠡᠰ ᠤᠨ ᠡᠳ᠋ᠰᠢᠭᠦᠯᠬᠦ ᠰᠢᠨ᠎ᠡ ᠠᠷᠭ᠎ᠠ ᠵᠠᠮ ᠢ ᠨᠡᠭᠡᠭᠡᠵᠦ᠂ ᠮᠧᠢ ᠬᠤᠸᠠ | ᠠᠮᠢᠳᠤ ᠪᠣᠳᠠᠰ ᠤᠨ ᠲᠡᠯᠡᠶ ᠶᠢᠨ ᠵᠠᠮᠠᠭ ᠤᠨ ᠰᠢᠬᠢᠷ᠂ ᠡᠮ ᠳᠤ ᠬᠡᠷᠡᠭᠯᠡᠬᠦ ᠰᠢᠪᠲᠦᠷᠲᠦ ᠬᠦᠴᠢᠯ ᠤᠨ ᠭᠠᠷᠤᠯᠲᠠ ᠶᠢ | ᠥᠷᠭᠡᠳᠬᠡᠬᠦ ᠵᠡᠷᠭᠡ ᠲᠥᠷᠥᠯ ᠵᠦᠢᠯ ᠨᠢ ᠠᠵᠤ ᠦᠢᠯᠡᠰ ᠤᠨ ︽ᠬᠥᠬᠡ ᠲᠠᠩᠭᠢᠰ︾ ᠢ ᠨᠡᠭᠡᠭᠡᠵᠦ᠂ ︽ᠡᠷᠳᠡᠨᠢ ᠰᠢᠰᠢ | ︱ ᠴᠠᠷᠳᠠᠭᠤᠯ ︱ ᠰᠢᠪᠲᠦᠷᠲᠦ ᠬᠦᠴᠢᠯ︾ ᠢᠶᠠᠷ ᠲᠥᠯᠥᠭᠡᠯᠡᠭᠦᠯᠦᠭᠰᠡᠨ ᠡᠷᠳᠡᠨᠢ ᠰᠢᠰᠢ ᠶᠢᠨ ᠠᠮᠢᠳᠤ ᠪᠣᠳᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠪᠣᠶ ᠪᠣᠯᠭᠠᠨ᠎ᠠ᠃ | |