ᠬᠤᠷᠴᠢᠨ ᠲᠣᠭᠤᠷᠢᠭ ᠤᠨ ᠠᠷᠠᠯᠵᠢᠶᠠᠴᠢᠨ ᠤᠷᠢᠬᠤ ᠲᠦᠷᠦᠯ ᠵᠦᠢᠯ ᠤᠨ ᠠᠵᠢᠯ ᠡᠬᠢᠯᠡᠬᠦ ᠶᠣᠰᠣᠯᠠᠯ
ᠨᠡᠶᠢᠲᠡᠯᠡᠭᠰᠡᠨ ᠴᠠᠭ᠄
2023/4/23
      4 ᠰᠠᠷ᠎ᠠ ᠶᠢᠨ 20 ᠤ ᠡᠳᠦᠷ᠂ ᠬᠤᠷᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠲᠠᠯᠠᠪᠤᠷ ᠤᠨ ᠲᠥᠷᠥᠯ ᠵᠦᠢᠯ ᠤᠨ ᠠᠵᠢᠯ ᠡᠬᠢᠯᠡᠬᠦ ᠶᠣᠰᠣᠯᠠᠯ ᠶᠠᠪᠤᠭᠤᠯᠵᠤ᠂ ᠲᠣᠰ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠢ ᠵᠢᠩᠬᠢᠨᠢ ᠪᠠᠷ ᠵᠠᠷᠯᠠᠪᠠ᠃ ᠬᠤᠷᠴᠢᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠭᠠᠵᠠᠷ ᠤᠨ ᠲᠠᠰ ᠤᠨ ᠤᠳᠤᠷᠢᠳᠤᠯᠭ᠎ᠠ᠂ ᠡᠷᠳᠡᠨᠢ ᠰᠢᠰᠢ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠲᠤᠰᠬᠠᠢ ᠮᠡᠷᠭᠡᠵᠢᠯ ᠤᠨ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠳᠠᠷᠤᠭ᠎ᠠ ᠳ᠋ᠦ᠋ ᠯᠢ ᠵᠢᠶᠦ᠋ᠨ᠂ ᠥᠪᠥᠷ ᠮᠣᠩᠭᠤᠯ ᠤᠨ ᠣᠷᠴᠢᠨ ᠲᠣᠭᠤᠷᠢᠨ ᠤ ᠪᠡᠯᠡ ᠣᠷᠣᠭᠤᠯᠤᠯᠲᠠ ᠶᠢᠨ ᠲᠦᠩᠯᠢᠶᠣᠣ ᠳᠠᠬᠢ ᠬᠤᠪᠢᠶᠠᠷᠢ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ ᠵᠠᠩ ᠬᠠᠢ ᠲᠤᠸ ᠵᠢᠴᠢ ᠲᠣᠭᠤᠷᠢᠭ᠂ ᠠᠵᠤ ᠠᠬᠤᠶᠢᠯᠠᠯ ᠤᠨ ᠲᠥᠷᠥᠯ ᠵᠦᠢᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠡᠨᠡ ᠬᠦ ᠲᠦᠷᠦᠯ ᠵᠦᠢᠯ ᠶᠢ ᠬᠡᠷᠡᠭᠵᠢᠭᠦᠯᠬᠦ ᠨᠢ ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠵᠤ᠂ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ ᠪᠠᠰᠠ ᠬᠤᠷᠴᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠬᠥᠭᠵᠢᠬᠦ ᠪᠠᠲᠤᠯᠠᠭ᠎ᠠ ᠬᠠᠩᠭᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠣᠷᠴᠢᠯ ᠠᠵᠤ ᠠᠬᠤᠢ ᠶᠢ ᠬᠥᠭᠵᠢᠭᠦᠯᠬᠦ᠂ ᠬᠤᠷᠴᠢᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠳᠤ ᠵᠣᠬᠢᠬᠤ ᠪᠣᠳᠠᠲᠤ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号