ᠦᠰᠥᠭ ᠪᠢᠴᠢᠭ ᠤᠨ ᠲᠠᠶᠢᠯᠤᠮᠵᠢ᠄ ︽ᠬᠤᠷᠴᠢᠨ ᠲᠣᠭᠤᠷᠢᠭ ᠤᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/4/28
       ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠪᠠᠶᠢᠳᠠᠯ ᠳᠣᠣᠷᠠᠬᠢ ᠡᠷᠦᠬᠡ ᠶᠢᠨ ᠴᠡᠷᠢᠭ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ︵ᠲᠥᠪ ᠲᠠᠷᠬᠠᠭᠠᠭᠰᠠᠨ ﹇2012﹈ 9 ᠳ᠋ᠦᠭᠡᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠪᠥᠬᠦ ᠲᠣᠭᠤᠷᠢᠭ ᠤᠨ ᠡᠷᠦᠬᠡ ᠶᠢᠨ ᠴᠡᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠶᠢᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠣᠯᠠᠨ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠷᠦᠬᠡ ᠶᠢᠨ ᠴᠡᠷᠢᠭ ᠤᠨ ᠠᠵᠢᠯ ᠳᠤ ᠣᠷᠣᠯᠴᠠᠬᠤ ᠶᠢ ᠳᠡᠮᠵᠢᠬᠦ ᠢᠷᠠᠭᠤ ᠠᠯᠳᠠᠷᠲᠤ ᠰᠡᠳᠬᠢᠯᠭᠡ᠂ ᠬᠦᠷᠲᠡᠭᠡᠯ ᠤᠨ ᠲᠥᠷᠥᠭᠳᠡᠯ ᠢ ᠳᠡᠭᠡᠭᠰᠢᠯᠡᠭᠦᠯᠦᠨ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠷᠴᠢᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠠᠮᠲᠤᠷᠠᠨ ︽ᠬᠤᠷᠴᠢᠨ ᠲᠣᠭᠤᠷᠢᠭ ᠤᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠡᠳᠦᠭᠡ ︽ᠠᠷᠭ᠎ᠠ︾ ᠶᠢᠨ ᠭᠤᠣᠯ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠠ᠄        ᠨᠢᠭᠡ᠂ ︽ᠠᠷᠭ᠎ᠠ︾ ᠶᠢ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠦᠨᠳᠦᠰᠦᠯᠡᠯ        ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ︽ᠰᠢᠨ᠎ᠡ ᠪᠠᠶᠢᠳᠠᠯ ᠳᠣᠣᠷᠠᠬᠢ ᠡᠷᠦᠬᠡ ᠶᠢᠨ ᠴᠡᠷᠢᠭ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ︵ᠲᠥᠪ ᠲᠠᠷᠬᠠᠭᠠᠭᠰᠠᠨ ﹇2012﹈ 9 ᠳ᠋ᠦᠭᠡᠷ ᠲᠣᠭᠠᠲᠤ︶ ᠤᠨ ᠲᠠᠪᠤᠳᠤᠭᠠᠷ ᠪᠦᠯᠦᠭ ᠤᠨ ᠠᠷᠪᠠᠨ ᠲᠠᠪᠤᠳᠤᠭᠠᠷ ᠵᠦᠢᠯ ᠳᠤ ︽ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠴᠡᠷᠢᠭ ᠠᠩᠭᠢ ᠪᠠ ᠣᠷᠣᠨ ᠨᠤᠲᠤᠭ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ᠂ ᠱᠠᠲᠤ ᠬᠤᠪᠢᠶᠠᠨ ᠨᠠᠶᠢᠳᠠᠪᠤᠷᠢᠵᠢᠭᠤᠯᠤᠭᠰᠠᠨ ᠡᠷᠦᠬᠡ ᠶᠢᠨ ᠴᠡᠷᠢᠭ ᠤᠨ ᠡᠷᠬᠡ ᠠᠰᠢᠭ ᠢ ᠪᠠᠲᠤᠯᠠᠬᠤ ᠲᠣᠭᠲᠠᠴᠠ ᠶᠢ ᠪᠠᠶᠢᠭᠤᠯᠤᠨ᠎ᠠ᠃ ᠴᠡᠷᠢᠭ ᠠᠩᠭᠢ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠷᠦᠬᠡ ᠶᠢᠨ ᠴᠡᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠯᠪᠠᠨ ᠵᠢᠷᠤᠮ ᠤᠨ ᠡᠷᠬᠡ ᠠᠰᠢᠭ ᠢ ᠪᠠᠲᠤᠯᠠᠬᠤ ᠪᠣᠳᠠᠲᠠᠢ ᠠᠷᠭ᠎ᠠ ᠶᠢ ᠰᠤᠳᠤᠯᠤᠨ ᠲᠣᠭᠲᠠᠭᠠᠬᠤ ᠬᠡᠷᠡᠭᠲᠡᠢ︾ ᠭᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠪᠠᠭᠤᠯᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠶᠢᠨ ᠠᠷᠪᠠᠨ ᠬᠤᠶᠠᠳᠤᠭᠠᠷ ᠵᠦᠢᠯ ᠤᠨ ︽ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠣᠯᠣᠨ ᠠᠳᠠᠯᠢ ᠱᠠᠲᠤᠨ ᠤ ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠣᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ︾᠃       ᠬᠤᠶᠠᠷ᠂ ︽ᠠᠷᠭ᠎ᠠ︾ ᠶᠢ ᠨᠡᠶᠢᠲᠡᠯᠡᠭᠰᠡᠨ ᠵᠣᠷᠢᠯᠭ᠎ᠠ       ᠪᠥᠬᠦ ᠲᠣᠭᠤᠷᠢᠭ ᠤᠨ ᠥᠷᠭᠡᠨ ᠣᠯᠠᠨ ᠰᠢᠯᠢᠳᠡᠭ ᠡᠷᠦᠬᠡ ᠶᠢᠨ ᠴᠡᠷᠢᠭ ᠤᠨ ᠪᠦᠲᠦᠭᠡᠨ ᠪᠠᠶᠢᠭᠤᠯᠤᠯᠲᠠ ᠪᠠ ᠵᠠᠰᠠᠯᠲᠠ ᠳᠤ ᠣᠷᠣᠯᠴᠠᠬᠤ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠥᠷᠭᠡᠨ ᠣᠯᠠᠨ ᠠᠷᠠᠳ ᠲᠦᠮᠡᠨ ᠤ ᠦᠵᠡᠯ ᠰᠠᠨᠠᠭ᠎ᠠ ᠲᠠᠨᠢᠯᠲᠠ ᠶᠢ ᠬᠤᠪᠢᠷᠠᠭᠤᠯᠤᠨ᠂ ᠡᠷᠦᠬᠡ ᠶᠢᠨ ᠴᠡᠷᠢᠭ᠂ ᠡᠷᠦᠬᠡ ᠶᠢᠨ ᠴᠡᠷᠢᠭ ᠤᠨ ᠢᠷᠠᠭᠤ ᠠᠯᠳᠠᠷ ᠢ ᠲᠡᠮᠡᠴᠡᠨ ᠣᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠴᠡᠷᠢᠭ ᠤᠨ ᠰᠤᠷᠭᠠᠭᠤᠯᠢᠯᠠᠯ ᠢ ᠢᠳᠡᠪᠬᠢᠲᠡᠢ ᠲᠦᠯᠬᠢᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠷᠠᠭᠤᠯᠤᠨ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠢ ᠲᠠᠰᠤᠷᠠᠯᠲᠠ ᠦᠭᠡᠢ  ᠲᠡᠮᠵᠢᠨ᠎ᠡ᠃       ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ       ︽ᠠᠷᠭ᠎ᠠ︾ ᠨᠢ ᠭᠤᠷᠪᠠᠨ ᠬᠡᠰᠡᠭ ᠢᠶᠠᠷ ᠪᠦᠷᠢᠯᠳᠦᠵᠡᠢ᠂ ᠨᠢᠭᠡᠳᠦᠭᠡᠷ ᠬᠡᠰᠡᠭ ᠲᠤ ᠭᠤᠣᠯᠳᠠᠭᠤ ᠬᠠᠷᠠᠭᠠᠯᠵᠠᠯ ᠭᠥᠷᠳᠡᠬᠦ ᠡᠲᠡᠭᠡᠳ ᠪᠠ ᠪᠡᠶ᠎ᠡ ᠶᠢᠨ ᠭᠠᠷᠤᠯ ᠢ ᠮᠠᠭᠠᠳᠯᠠᠨ ᠲᠣᠭᠲᠠᠭᠠᠨ᠎ᠠ︔ ᠬᠤᠶᠠᠳᠤᠭᠠᠷ ᠬᠡᠰᠡᠭ ᠨᠢ ᠭᠤᠣᠯᠳᠠᠭᠤ ᠵᠢᠷᠭᠤᠭᠠᠨ ᠵᠦᠢᠯ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠭᠤᠯᠭ᠎ᠠ ᠪᠣᠯᠣᠨ᠎ᠠ᠂ ᠡᠭᠦᠨ ᠳᠤ ᠦᠢᠯᠡᠴᠢᠯᠡᠭᠡᠨ ᠤ ᠴᠣᠩᠬᠤ ᠭᠠᠷᠭᠠᠬᠤ᠂ ᠤᠷᠢᠳᠠᠪᠠᠷ ᠦᠢᠯᠡᠴᠢᠯᠡᠭᠡ ᠬᠠᠩᠭᠠᠬᠤ᠂ ᠬᠠᠷᠠᠭᠠᠯᠵᠠᠯ ᠦᠵᠡᠭᠦᠯᠬᠦ ᠲᠦᠷᠦ ᠶᠢᠨ ᠪᠣᠳᠣᠯᠭ᠎ᠠ ᠣᠯᠭᠤᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠦᠢᠯᠡᠳᠪᠦᠷᠢᠯᠡᠯ ᠡᠵᠡᠩᠨᠡᠯᠲᠡ ᠶᠢ ᠲᠡᠳᠬᠦᠨ ᠳᠡᠮᠵᠢᠬᠦ᠂ ᠤᠯᠤᠰ ᠲᠦᠷᠦ‌‍ᠶᠢᠨ ᠬᠠᠷᠠᠭᠠᠯᠵᠠᠯ ᠦᠵᠡᠭᠦᠯᠬᠦ ᠵᠡᠷᠭᠡ ᠪᠠᠭᠲᠠᠨ᠎ᠠ; ᠭᠤᠷᠪᠠᠳᠤᠭᠠᠷ ᠬᠡᠰᠡᠭ ᠲᠤ᠂ ᠭᠤᠣᠯᠳᠠᠭᠤ ᠬᠢᠨᠠᠯᠲᠠ ᠲᠠᠯᠪᠢᠵᠤ ᠬᠠᠮᠢᠶᠠᠷᠬᠤ ᠪᠠ ᠪᠠᠶᠢᠴᠠᠭᠠᠵᠤ ᠬᠢᠨᠠᠨ ᠵᠢᠯᠤᠭᠤᠳᠬᠤ ᠠᠷᠭ᠎ᠠ ᠬᠡᠮᠵᠢᠶ᠎ᠡ ᠠᠪᠴᠤ᠂   ᠮᠠᠨ ᠤ ᠲᠣᠭᠤᠷᠢᠭ ‍ᠤᠨ‌‍ᠰᠢᠯᠢᠳᠡᠭ ᠡᠷᠦᠬᠡ ᠶᠢᠨ ᠴᠡᠷᠢᠭ ᠤᠨ ᠪᠠᠶᠢᠷᠢ ᠰᠠᠭᠤᠷᠢ ᠪᠠ ᠡᠷᠬᠡ ᠠᠰᠢᠭ ᠤᠨ ᠪᠠᠲᠤᠯᠠᠭ᠎ᠠ‌‍ᠶᠢᠨ ᠦᠨᠳᠦᠰᠦᠨ ᠵᠠᠷᠴᠢᠮ ᠬᠢᠭᠡᠳ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠵᠢᠷᠤᠮᠵᠢᠭᠤᠯᠤᠨ᠂ ᠰᠢᠯᠢᠳᠡᠭ ᠡᠷᠦᠬᠡ ᠶᠢᠨ ᠴᠡᠷᠢᠭ ᠤᠨ ᠢᠷᠠᠭᠤ ᠠᠯᠳᠠᠷ ᠪᠠ ᠣᠯᠭᠤᠮᠵᠢ ᠶᠢᠨ ᠪᠠᠲᠤᠯᠠᠭ᠎ᠠ ᠶᠢ ᠬᠠᠮᠠᠭᠠᠯᠠᠵᠤ᠂ ᠲᠣᠰ ︽ᠠᠷᠭ᠎ᠠ︾ ᠶᠢ ᠬᠠᠲᠠᠭᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ᠃      ︽ᠠᠷᠭ᠎ᠠ︾ ᠨᠢ ᠭᠤᠣᠯᠳᠠᠭᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ︾ ᠳᠤ ᠲᠣᠭᠲᠠᠭᠠᠭᠰᠠᠨ ᠪᠥᠬᠦ ᠲᠣᠭᠤᠷᠢᠭ ‍ᠤᠨ‌‍ᠰᠢᠯᠢᠳᠡᠭ ᠡᠷᠦᠬᠡ ᠶᠢᠨ ᠴᠡᠷᠢᠭ ᠪᠠ ᠴᠡᠷᠢᠭ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠦᠢᠯᠡᠴᠢᠯᠡᠭᠡᠨ ᠤ ᠴᠣᠩᠬᠤ ᠭᠠᠷᠭᠠᠬᠤ᠂ ᠤᠷᠢᠳᠠᠪᠠᠷ ᠦᠢᠯᠡᠴᠢᠯᠡᠭᠡ ᠬᠠᠩᠭᠠᠬᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠣᠯᠭᠤᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠦᠢᠯᠡᠳᠪᠦᠷᠢᠯᠡᠯ ᠡᠵᠡᠩᠨᠡᠯᠲᠡ ᠶᠢ ᠲᠡᠳᠬᠦᠬᠦ᠂ ᠤᠯᠤᠰ ᠲᠥᠷᠥ ᠶᠢᠨ ᠬᠠᠷᠠᠭᠠᠯᠵᠠᠯ ᠦᠵᠡᠭᠦᠯᠬᠦ ᠵᠡᠷᠭᠡ ᠲᠠᠯ᠎ᠠ ᠶᠢᠨ ᠰᠠᠭᠤᠷᠢᠨ ᠳᠡᠭᠡᠷ᠎ᠡ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ ᠦᠵᠡᠰᠬᠦᠯᠡᠩ ᠤᠨ ᠣᠷᠳᠣᠨ᠂ ᠮᠦᠽᠧᠢ᠂ ᠳᠤᠷᠠᠰᠬᠠᠯ ᠤᠨ ᠣᠷᠳᠣᠨ᠂ ᠴᠡᠴᠡᠷᠯᠢᠭ᠂ ᠨᠡᠭᠡᠭᠡᠯᠲᠡ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠨᠠᠷᠠᠲᠤ ᠦᠵᠡᠮᠵᠢ ᠡᠷᠲᠡᠨ ᠤ ᠪᠠᠭᠤᠷᠢ ᠪᠠ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠲᠣᠭᠤᠷᠢᠨ ᠵᠤᠭᠠᠴᠠᠬᠤ᠂ ᠲᠣᠰᠣ ᠨᠡᠮᠡᠬᠦ᠂ ᠴᠢᠮᠡᠭᠡ ᠨᠡᠪᠲᠡᠷᠡᠯᠭᠡ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠭᠤᠣᠯᠳᠠᠯᠭ᠎ᠠ ᠲᠠᠢ ᠨᠠᠷᠢᠯᠢᠭᠵᠢᠭᠤᠯᠤᠨ ᠲᠣᠳᠣᠷᠬᠠᠶᠢᠯᠠᠪᠠ ︵ᠥᠪᠡᠷᠲᠡᠭᠡᠨ ᠵᠠᠰᠠᠬᠤ ᠣᠷᠣᠨ ᠤ ᠠᠷᠭ᠎ᠠ ᠳᠤ ᠡᠨᠡ ᠲᠠᠯ᠎ᠠ ᠶᠢᠨ ᠪᠣᠳᠠᠲᠠᠢ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ   ᠠᠴᠠ ᠲᠣᠭᠲᠠᠭᠠᠨ᠎ᠠ︶᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号