ᠬᠤᠷᠴᠢᠨ ᠲᠣᠭᠤᠷᠢᠭ ᠤᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ
ᠨᠡᠶᠢᠲᠡᠯᠡᠭᠰᠡᠨ ᠴᠠᠭ᠄
2023/4/29
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠵᠢᠴᠢ ᠡᠯ᠎ᠡ ᠠᠷᠠᠳ ᠤᠨ ᠪᠦᠯᠬᠦᠮ᠂ ᠬᠤᠷᠴᠢᠨ ᠳᠤ ᠰᠠᠭᠤᠭ᠎ᠠ ᠲᠦᠪ ᠤᠷᠤᠨ ᠤ ᠰᠢᠭᠤᠳ ᠬᠠᠷᠢᠶ᠎ᠠ ᠡᠯ᠎ᠡ ᠨᠢᠭᠡᠴᠢ ᠳᠤ᠄       ︽ᠬᠤᠷᠴᠢᠨ ᠲᠣᠭᠤᠷᠢᠭ ᠤᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ  ᠲᠠᠷᠬᠠᠭᠠᠯ᠎ᠠ᠂ ᠱᠠᠭᠠᠷᠳᠠᠯᠭ᠎ᠠ ᠶᠣᠰᠣᠭᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠢ᠃                                    2023 ᠣᠨ ᠤ 4 ᠰᠠᠷ᠎ᠠ ᠶᠢᠨ 28 ᠤ ᠡᠳᠦᠷᠬᠤᠷᠴᠢᠨ ᠲᠣᠭᠤᠷᠢᠭ ᠤᠨ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ      ᠨᠢᠭᠡᠳᠦᠭᠡᠷ ᠵᠦᠢᠯ  ᠬᠤᠷᠴᠢᠨ ᠲᠣᠭᠤᠷᠢᠭ ᠤᠨ ᠡᠷᠦᠬᠡ ᠶᠢᠨ ᠴᠡᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠶᠢ ᠭᠦᠢᠴᠡᠳᠬᠡᠬᠦ ᠶᠢᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠵᠢᠯ ᠢ ᠰᠠᠶᠢᠲᠤᠷ ᠬᠢᠵᠦ᠂ ᠠᠷᠠᠳ ᠣᠯᠠᠨ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠡᠷᠦᠬᠡ ᠶᠢᠨ ᠴᠡᠷᠢᠭ ᠤᠨ ᠠᠵᠢᠯ ᠳᠤ ᠣᠷᠣᠯᠴᠠᠬᠤ ᠶᠢ ᠳᠡᠮᠵᠢᠬᠦ ᠢᠷᠠᠭᠤ ᠠᠯᠳᠠᠷᠲᠤ ᠰᠡᠳᠬᠢᠯᠭᠡ᠂  ᠬᠦᠷᠲᠡᠭᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠷᠴᠢᠨ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ  ᠲᠣᠰ ᠠᠷᠭ᠎ᠠ ᠶᠢᠨ ᠬᠠᠷᠠᠭᠠᠯᠵᠠᠯ ᠪᠠ ᠡᠷᠬᠡ ᠠᠰᠢᠭ ᠢ ᠪᠠᠲᠤᠯᠠᠬᠤ ᠡᠲᠡᠭᠡᠳ ᠨᠢ ᠬᠤᠷᠴᠢᠨ ᠲᠣᠭᠤᠷᠢᠭ ᠤᠨ ᠣᠷᠣᠨ ᠲᠣᠭᠠᠨ ᠳᠤ ᠪᠠᠶᠢᠭ᠎ᠠ ᠰᠢᠯᠢᠳᠡᠭ ᠡᠷᠦᠬᠡ ᠶᠢᠨ ᠴᠡᠷᠢᠭ ᠪᠠ ᠡᠷᠦᠬᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ᠎ᠠ᠂ ᠬᠤᠪᠢ ᠬᠥᠮᠥᠨ ᠤ ᠬᠦᠴᠦᠨ ᠪᠦᠬᠦᠢ ᠦᠨᠡᠮᠯᠡᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠪᠣᠯᠣᠨ᠎ᠠ᠃        ᠭᠤᠷᠪᠠᠳᠤᠭᠠᠷ ᠵᠦᠢᠯ  ᠬᠤᠷᠴᠢᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠳᠣᠣᠷᠠᠬᠢ ᠨᠢᠭᠡᠴᠢ᠂ ᠪᠠᠶᠢᠭᠤᠯᠤᠮᠵᠢ᠂ ᠲᠠᠯᠠᠪᠤᠷ ᠭᠠᠵᠠᠷ ᠨᠢ ᠰᠢᠯᠢᠳᠡᠭ ᠡᠷᠦᠬᠡ ᠶᠢᠨ ᠴᠡᠷᠢᠭ ᠤᠨ ᠦᠢᠯᠡᠴᠢᠯᠡᠭᠡᠨ ᠤ ᠴᠣᠩᠬᠤ ᠪᠤᠶᠤ ᠢᠯᠡᠷᠬᠡᠢ ᠲᠡᠮᠳᠡᠭ ᠲᠠᠯᠪᠢᠵᠤ᠂ ᠤᠷᠢᠳᠠᠪᠠᠷ ᠦᠢᠯᠡᠴᠢᠯᠡᠭᠡ ᠬᠠᠩᠭᠠᠬᠤ ᠬᠡᠷᠡᠭᠲᠡᠢ᠄       ︵ᠨᠢᠭᠡ︶ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠳᠣᠲᠣᠭᠠᠳᠤ ᠶᠢ ᠬᠠᠮᠠᠭᠠᠯᠠᠬᠤ ᠡᠷᠦᠬᠡ ᠠᠮᠠ ᠶᠢᠨ ᠬᠠᠷᠢᠶ᠎ᠠ ᠶᠢᠨ ᠦᠢᠯᠡᠴᠢᠯᠡᠭᠡᠨ ᠤ ᠶᠡᠭᠡ ᠲᠢᠩᠬᠢᠮ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠠᠯᠪᠠᠨ ᠠᠴᠠ ᠪᠠᠶᠢᠭᠤᠯᠤᠭᠰᠠᠨ ᠵᠢᠴᠢ ᠠᠷᠠᠳ ᠠᠴᠠ ᠡᠵᠡᠩᠨᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︔      ︵ᠬᠤᠶᠠᠷ︶ ᠪᠠᠩᠬᠢ ᠶᠢᠨ ᠦᠢᠯᠡᠴᠢᠯᠡᠭᠡᠨ ᠤ ᠲᠣᠣᠷ ᠴᠡᠭ᠂ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ︔      ︵ᠭᠤᠷᠪᠠ︶ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠰᠣᠶᠣᠯ ᠤᠨ ᠲᠠᠯᠠᠪᠤᠷ ᠣᠷᠳᠣᠨ᠂ ᠬᠤᠲᠠ ᠶᠢᠨ ᠴᠡᠴᠡᠷᠯᠢᠭ ᠵᠡᠷᠭᠡ᠃      ᠳᠥᠷᠪᠡᠳᠦᠭᠡᠷ ᠵᠦᠢᠯ  ᠰᠢᠯᠢᠳᠡᠭ ᠡᠷᠦᠬᠡ ᠶᠢᠨ ᠴᠡᠷᠢᠭ ᠨᠢ ᠬᠤᠷᠴᠢᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ᠂ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠳᠣᠣᠷᠠᠬᠢ ᠮᠡᠲᠦ ᠤᠷᠢᠳᠠᠪᠠᠷ ᠦᠢᠯᠡᠴᠢᠯᠡᠬᠦ ᠶᠢ ᠭᠥᠷᠳᠡᠨ᠎ᠡ᠄       ︵ᠨᠢᠭᠡ︶ ᠡᠷᠦᠭᠡ ᠠᠮᠠ ᠶᠢᠨ ᠲᠡᠩᠰᠠ ᠪᠠ ᠤᠷᠤᠬ ᠤᠨ ᠪᠦᠷᠢᠳᠬᠡᠯ ᠤᠨ ᠭᠠᠷ ᠭᠦᠢᠴᠡᠳᠬᠡᠯ ᠢ ᠤᠷᠢᠳᠠᠪᠠᠷ ᠭᠦᠢᠴᠡᠳᠬᠡᠬᠦ︔      ︵ᠬᠤᠶᠠᠷ︶ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢᠨ ᠲᠡᠳᠬᠦᠮᠵᠢ ᠪᠠ ᠠᠵᠢᠯ ᠣᠯᠭᠤᠯᠲᠠ ᠶᠢᠨ ᠲᠤᠰᠠᠯᠠᠮᠵᠢ ᠶᠢ ᠤᠷᠢᠳᠠᠪᠠᠷ ᠭᠥᠷᠳᠡᠨ᠎ᠡ︔      ︵ᠭᠤᠷᠪᠠ︶ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠬᠦ ︔       ︵ᠳᠥᠷᠪᠡ︶ ᠡᠯ᠎ᠡ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠳᠤ ᠤᠷᠢᠳᠠᠪᠠᠷ ᠪᠢᠯᠧᠲ ᠬᠤᠳᠠᠯᠳᠤᠨ ᠠᠪᠬᠤ᠂ ᠠᠮᠤᠷ ᠲᠦᠪᠰᠢᠨ ᠤ ᠪᠠᠶᠢᠴᠠᠭᠠᠯᠲᠠ ᠬᠢᠬᠦ᠂ ᠲᠡᠷᠭᠡᠨ ᠳᠤ ᠰᠠᠭᠤᠬᠤ ᠵᠡᠷᠭᠡ ᠦᠢᠯᠡᠴᠢᠯᠡᠭᠡ ᠶᠢ ᠭᠥᠷᠳᠡᠨ᠎ᠡ︔       ︵ᠲᠠᠪᠤ︶ ᠪᠣᠯᠪᠠᠰᠤᠷᠠᠯ ᠳᠤ ᠣᠷᠣᠯᠴᠠᠬᠤ ᠪᠠ ᠡᠭᠦᠷᠭᠡ ᠭᠦᠢᠴᠡᠳᠬᠡᠬᠦ ᠬᠤᠭᠤᠴᠠᠭᠠᠨ ᠳᠤ ᠠᠯᠪᠠᠨ ᠶᠠᠪᠤᠳᠠᠯ ᠢᠶᠠᠷ ᠰᠢᠷᠬᠠᠲᠤᠬᠤ ᠪᠤᠶᠤ ᠭᠡᠨᠡᠳᠲᠡ ᠶᠢᠨ ᠡᠪᠡᠳᠴᠢᠨ ᠳᠤ ᠨᠡᠷᠪᠡᠭᠳᠡᠪᠡᠯ᠂ ᠠᠯᠪᠠᠨ ᠠᠴᠠ ᠪᠠᠶᠢᠭᠤᠯᠤᠭᠰᠠᠨ ᠵᠢᠴᠢ ᠠᠷᠠᠳ ᠠᠴᠠ ᠡᠵᠡᠩᠨᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠷᠢᠳᠠᠪᠠᠷ ᠳ᠋ᠤᠭᠠᠷᠯᠠᠬᠤ᠂ ᠰᠢᠨᠵᠢᠯᠡᠨ ᠰᠢᠯᠭᠠᠬᠤ᠂ ᠪᠠᠶᠢᠴᠠᠭᠠᠬᠤ᠂ ᠡᠮ ᠠᠪᠬᠤ᠂ ᠡᠮᠨᠡᠯᠭᠡ ᠳᠤ ᠰᠠᠭᠤᠬᠤ ᠵᠡᠷᠭᠡ ᠣᠨᠣᠰᠢᠯᠠᠨ ᠡᠮᠨᠡᠬᠦ ᠦᠢᠯᠡᠴᠢᠯᠡᠭᠡ ᠶᠢ ᠭᠥᠷᠳᠡᠨ᠎ᠡ︔       ︵ᠵᠢᠷᠭᠤᠭ᠎ᠠ︶ ᠡᠯ᠎ᠡ ᠲᠥᠷᠥᠯ ᠤᠨ ᠪᠠᠩᠬᠢ ᠶᠢᠨ ᠦᠢᠯᠡᠴᠢᠯᠡᠭᠡᠨ ᠤ ᠲᠣᠣᠷ ᠴᠡᠭ ᠲᠤ ᠵᠠᠷᠤᠯᠭ᠎ᠠ ᠶᠢᠨ ᠡᠷᠦᠬᠡ ᠂ ᠵᠣᠭᠤᠰ ᠬᠠᠳᠠᠭᠠᠯᠠᠵᠤ ᠭᠠᠷᠭᠠᠨ ᠠᠪᠬᠤ᠂ ᠲᠠᠩᠰᠠ ᠰᠢᠯᠵᠢᠭᠦᠯᠦᠨ ᠵᠣᠭᠤᠰ ᠭᠤᠪᠢᠭᠤᠯᠬᠤ ᠵᠡᠷᠭᠡ ᠲᠤᠬᠠᠶᠢᠯᠠᠭᠰᠠᠨ ᠠᠵᠢᠯ ᠢ ᠤᠷᠢᠳᠠᠪᠠᠷ ᠭᠦᠢᠴᠡᠳᠬᠡᠨ᠎ᠡ︔      ︵ᠳᠣᠯᠤᠭ᠎ᠠ︶ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠤᠷᠢᠳᠠᠪᠠᠷ ᠲᠠᠶᠢᠯᠪᠤᠷᠢᠯᠠᠬᠤ᠂ ᠬᠥᠲᠥᠯᠥᠨ ᠵᠢᠯᠤᠭᠤᠳᠬᠤ ᠵᠡᠷᠭᠡ ᠦᠢᠯᠡᠴᠢᠯᠡᠭᠡ ᠶᠢ ᠬᠦᠷᠲᠡᠭᠡᠨ᠎ᠡ᠃       ᠲᠠᠪᠤᠳᠤᠭᠠᠷ ᠵᠦᠢᠯ  ᠰᠢᠯᠢᠳᠡᠭ ᠡᠷᠦᠬᠡ ᠶᠢᠨ ᠴᠡᠷᠢᠭ ᠬᠤᠷᠴᠢᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠳᠣᠣᠷᠠᠬᠢ ᠬᠠᠷᠠᠭᠠᠯᠵᠠᠯ ᠢ ᠭᠥᠷᠳᠡᠨ᠎ᠡ᠄       ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ ᠦᠵᠡᠰᠬᠦᠯᠡᠩ ᠤᠨ ᠣᠷᠳᠣᠨ᠂ ᠮᠦᠽᠧᠢ᠂ ᠳᠤᠷᠠᠰᠬᠠᠯ ᠤᠨ ᠣᠷᠳᠣᠨ᠂ ᠴᠡᠴᠡᠷᠯᠢᠭ᠂ ᠨᠡᠭᠡᠭᠡᠯᠲᠡᠲᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠠᠯᠳᠠᠷᠲᠤ ᠦᠵᠡᠮᠵᠢ ᠡᠷᠲᠡᠨ ᠤ ᠪᠠᠭᠤᠷᠢ ᠪᠠ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ ᠢᠶᠠᠷ ᠲᠣᠭᠤᠷᠢᠨ ᠦᠵᠡᠵᠦ ᠵᠤᠭᠠᠴᠠᠬᠤ ᠳᠤ ᠠᠩᠬᠠᠨ ᠤ ᠡᠭᠦᠳᠡᠨ ᠪᠢᠯᠧᠲ ᠤᠨ ᠰᠦᠢᠳᠬᠡᠯ ᠬᠤᠷᠢᠶᠠᠬᠤ ᠦᠭᠡᠢ᠃      ︵ᠬᠤᠶᠠᠷ︶ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠣᠰᠣ ᠶᠢᠨ ᠬᠢᠮᠢ ᠶᠢᠨ ᠠᠵᠤ ᠦᠢᠯᠡᠳᠪᠦᠷᠢ ᠶᠢᠨ ᠲᠣᠰᠣ ︵ᠰᠢᠲᠠᠮᠠᠬᠠᠢ ᠬᠡᠢ︶ ᠨᠡᠮᠡᠬᠦ ᠥᠷᠲᠡᠭᠡ ᠳᠤ ᠺᠠᠷᠲ ᠨᠡᠭᠡᠭᠡᠭᠰᠡᠨ ︵ᠳᠠᠩᠰᠠᠯᠠᠭᠤᠯᠤᠭᠰᠠᠨ︶ ᠤ ᠳᠠᠷᠠᠭ᠎ᠠ᠂ ᠭᠡᠷ ᠤᠨ ᠬᠡᠷᠡᠭᠯᠡᠭᠡᠨ ᠤ ᠮᠠᠰᠢᠨ ᠲᠡᠷᠭᠡᠨ ᠳᠤ ᠲᠣᠰᠣ ᠨᠡᠮᠡᠪᠡᠯ᠂ ᠲᠣᠰᠣ ᠨᠡᠮᠡᠬᠦ ᠮᠠᠰᠢᠨ ᠤ ᠫᠠᠶᠢᠰᠠ ᠡᠯᠭᠦᠭᠰᠡᠨ ᠦᠨ᠎ᠡ ᠶᠢᠨ ᠰᠠᠭᠤᠷᠢᠨ ᠳᠡᠭᠡᠷ᠎ᠡ ᠲᠣᠰ ᠲᠣᠰ 0.3 ᠲᠥᠭᠦᠷᠢᠭ/ᠯᠢᠲᠷ ︵ᠳᠤᠮᠳᠠᠳᠤ ᠤᠯᠤᠰ ᠤᠨ ᠴᠢᠯᠠᠭᠤᠨ ᠲᠣᠰᠣ ᠶᠢᠨ ᠬᠢᠮᠢ ᠶᠢᠨ ᠠᠵᠤ ᠦᠢᠯᠡᠳᠪᠦᠷᠢ︶᠂ 0.2 ᠲᠥᠭᠦᠷᠢᠭ/ᠯᠢᠲᠷ ︵ᠳᠤᠮᠳᠠᠳᠤ ᠤᠯᠤᠰ ᠤᠨ ᠴᠢᠯᠠᠭᠤᠨ ᠲᠣᠰᠣ︶ ᠤᠨ ᠬᠠᠷᠠᠭᠠᠯᠵᠠᠯ ᠢ ᠭᠥᠷᠳᠡᠵᠦ᠂ ᠪᠤᠰᠤᠳ ᠬᠢᠮᠳᠠᠷᠠᠯ ᠤᠨ ᠬᠠᠷᠠᠭᠠᠯᠵᠠᠯ ᠲᠠᠢ ᠳᠠᠪᠬᠤᠴᠠᠭᠤᠯᠤᠨ ᠭᠥᠷᠳᠡᠵᠦ ᠪᠣᠯᠣᠨ᠎ᠠ︔         ︵ᠭᠤᠷᠪᠠ︶ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠰᠦᠯᠵᠢᠶ᠎ᠡ ᠳᠤ ᠬᠤᠪᠢ ᠬᠥᠮᠥᠨ ᠤ ᠭᠠᠷ ᠤᠲᠠᠰᠤᠨ ᠤ ᠴᠢᠮᠡᠭᠡ ᠬᠤᠯᠪᠣᠭᠠᠨ ᠤ ᠦᠨ᠎ᠡ ᠪᠠᠭᠤᠷᠠᠭᠤᠯᠬᠤ ᠬᠠᠷᠠᠭᠠᠯᠵᠠᠯ ᠢ ᠭᠥᠷᠳᠡᠨ᠎ᠡ᠂ ᠪᠣᠳᠠᠲᠠᠢ ᠦᠨ᠎ᠡ ᠪᠠᠭᠤᠷᠠᠭᠤᠯᠬᠤ ᠬᠠᠷᠢᠴᠠᠯ ᠵᠢᠴᠢ ᠭᠦᠢᠴᠡᠳᠬᠡᠬᠦ ᠠᠷᠭ᠎ᠠ ᠮᠠᠶ᠋ᠢᠭ ᠢ ᠳᠠᠭᠠᠯᠳᠤᠭᠤᠯᠤᠯ ᠳᠤ ᠦᠵᠡ ︵ᠦᠨ᠎ᠡ ᠪᠠᠭᠤᠷᠠᠭᠤᠯᠬᠤ ᠬᠠᠷᠠᠭᠠᠯᠵᠠᠯ ᠢ ᠵᠠᠬ᠎ᠠ ᠳᠡᠯᠭᠡᠭᠦᠷ ᠤᠨ ᠬᠤᠪᠢᠷᠠᠯᠲᠠ ᠶᠢ ᠳᠠᠭᠠᠵᠤ ᠴᠠᠭ ᠲᠤᠬᠠᠢ ᠳᠤᠨᠢ ᠲᠣᠬᠢᠷᠠᠭᠤᠯᠵᠤ ᠪᠣᠯᠣᠨ᠎ᠠ︶᠃       ᠵᠢᠷᠭᠤᠳᠤᠭᠠᠷ ᠵᠦᠢᠯ  ᠰᠢᠯᠢᠳᠡᠭ ᠡᠷᠦᠭᠡ ᠶᠢᠨ ᠴᠡᠷᠢᠭ ᠲᠠᠶᠢᠨ ᠤ ᠪᠡᠯᠡᠳᠬᠡᠯ ᠤᠨ ᠵᠢᠵᠢᠭᠦᠷᠯᠡᠬᠦ᠂ ᠠᠶᠤᠯ ᠭᠠᠮᠰᠢᠭ ᠠᠴᠠ ᠠᠪᠤᠷᠠᠬᠤ᠂ ᠴᠡᠷᠢᠭ ᠤᠨ ᠰᠤᠷᠭᠠᠭᠤᠯᠢᠯᠠᠯ ᠬᠢᠬᠦ ᠪᠠ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠬᠤ  ᠳᠤ ᠡᠷᠦᠭᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠲᠣᠭᠲᠠᠭᠠᠯ ᠶᠣᠰᠣᠭᠠᠷ ᠴᠠᠯᠢᠩ᠂ ᠱᠠᠩᠨᠠᠯ ᠤᠨ ᠮᠥᠩᠭᠦ᠂ ᠠᠰᠠᠷᠠᠮᠵᠢ ᠬᠠᠷᠠᠭᠠᠯᠵᠠᠯ ᠢ ᠨᠠᠶᠢᠳᠠᠪᠤᠷᠢᠵᠢᠭᠤᠯᠬᠤ ᠬᠡᠷᠡᠭᠲᠡᠢ᠂ ᠡᠭᠦᠨ ᠠᠴᠠ ᠪᠣᠯᠵᠤ ᠬᠥᠳᠡᠯᠮᠦᠷᠢᠯᠡᠬᠦ ᠪᠤᠶᠤ ᠤᠷᠢᠵᠤ ᠬᠡᠷᠡᠭᠯᠡᠬᠦ ᠬᠠᠷᠢᠴᠠᠭ᠎ᠠ ᠪᠠᠨ ᠴᠤᠴᠠᠯᠵᠤ ᠪᠣᠯᠬᠤ ᠦᠭᠡᠢ᠃       ᠳᠣᠯᠣᠳᠤᠭᠠᠷ ᠵᠦᠢᠯ  ᠡᠷᠦᠭᠡ ᠶᠢᠨ ᠴᠡᠷᠢᠭ ᠢ ᠵᠣᠬᠢᠶᠠᠨ ᠪᠠᠶᠢᠭᠤᠯᠤᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠣᠣᠷᠠᠬᠢ ᠮᠡᠲᠦ ᠦᠢᠯᠡᠳᠪᠦᠷᠢᠯᠡᠯ ᠡᠵᠡᠩᠨᠡᠯᠲᠡ ᠶᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ ᠢ ᠭᠥᠷᠳᠡᠨ᠎ᠡ᠄        ︵ᠨᠢᠭᠡ︶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠵᠡᠪᠰᠡᠭᠲᠦ ᠬᠦᠴᠦᠨ ᠤ ᠠᠵᠢᠯ ᠢ ᠥᠷᠨᠢᠭᠦᠯᠬᠦ ᠳᠤ ᠬᠡᠷᠡᠭᠯᠡᠭᠰᠡᠨ ᠵᠠᠷᠤᠳᠠᠯ ᠢ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠦᠷᠳᠡᠭ ᠲᠤ ᠪᠤᠳᠤᠵᠤ ᠣᠷᠣᠭᠤᠯᠤᠨ᠎ᠠ᠂ ᠵᠣᠬᠢᠴᠠᠩᠭᠤᠢ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠬᠠᠰᠤᠨ᠎ᠠ︔       ︵ᠬᠤᠶᠠᠷ︶ ᠬᠤᠷᠴᠢᠨ ᠲᠣᠭᠤᠷᠢᠭ ᠵᠢᠴᠢ ᠲᠡᠭᠦᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ  ᠠᠴᠠ ᠵᠡᠪᠰᠡᠭᠲᠦ ᠬᠦᠴᠦᠨ ᠤ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ ᠭᠡᠵᠦ ᠮᠠᠭᠠᠳᠯᠠᠨ ᠲᠣᠭᠲᠠᠭᠠᠭᠰᠠᠨ ᠪᠠᠶᠢᠪᠠᠯ᠂ ᠲᠥᠷᠥᠯ ᠵᠦᠢᠯ᠂ ᠭᠠᠵᠠᠷ ᠬᠡᠷ᠊‍ᠡᠭᠯᠡᠬᠦ ᠵᠡᠷᠭᠡ ᠶᠢᠨ ᠬᠢᠨᠠᠨ ᠵᠥᠪᠰᠢᠶᠡᠷᠡᠯ ᠢ ᠤᠷᠢᠳᠠᠪᠠᠷ ᠭᠥᠷᠳᠡᠬᠦ ᠪᠠ ᠲᠠᠰ ᠳᠠᠷᠠᠭᠠᠯᠠᠯ ᠢ ᠪᠠᠭᠠᠰᠬᠠᠬᠤ ᠲᠥᠷᠥ ᠶᠢᠨ ᠪᠣᠳᠣᠯᠭ᠎ᠠ ᠵᠢᠴᠢ ᠪᠤᠰᠤᠳ ᠬᠤᠯᠪᠣᠭᠳᠠᠯ ᠪᠦᠬᠦᠢ ᠲᠡᠳᠬᠦᠬᠦ ᠠᠷᠭ᠎ᠠ ᠬᠡᠮᠵᠢᠶ᠎ᠡ ᠶᠢ ᠡᠳ᠋ᠯᠡᠨ᠎ᠡ︔       ︵ᠭᠤᠷᠪᠠ︶ ᠵᠢᠯᠤᠭᠤᠳᠬᠤ ᠴᠢᠮᠡᠭᠡ ᠬᠤᠯᠪᠣᠭ᠎ᠠ᠂ ᠲᠠᠩᠨᠠᠯᠲᠠ ᠠᠵᠢᠭᠯᠠᠯᠲᠠ ᠶᠢᠨ ᠬᠤᠯᠪᠣᠭ᠎ᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠪᠤᠶᠤ ᠬᠠᠮᠢᠶ᠎ᠠ ᠪᠦᠬᠦᠢ ᠦᠢᠯᠡᠳᠬᠦᠨ ᠢ ᠦᠢᠯᠡᠳᠪᠦᠷᠢᠯᠡᠵᠦ ᠡᠵᠡᠩᠨᠡᠬᠦ ᠳᠤ᠂ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷᠴᠠᠭ ᠲᠤ ᠣᠷᠣᠭᠤᠯᠤᠨ᠎ᠠ᠃       ᠨᠠᠢᠮᠠᠳᠤᠭᠠᠷ ᠵᠦᠢᠯ  ᠬᠤᠷᠴᠢᠨ ᠲᠣᠭᠤᠷᠢᠭ ᠵᠢᠴᠢ ᠲᠡᠭᠦᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠡᠪᠰᠡᠭᠲᠦ ᠬᠦᠴᠦᠨ ᠤ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ ᠭᠡᠵᠦ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠢ  ᠪᠣᠯᠣᠨ ᠬᠤᠪᠢ ᠬᠥᠮᠥᠨ ᠳᠣᠣᠷᠠᠬᠢ ᠮᠡᠲᠦ ᠤᠯᠤᠰ ᠲᠥᠷᠥ ᠶᠢᠨ ᠬᠠᠷᠠᠭᠠᠯᠵᠠᠯ ᠢ ᠭᠥᠷᠳᠡᠨ᠎ᠡ᠄       ︵ᠨᠢᠭᠡ︶ ᠥᠪᠡᠷᠲᠡᠭᠡᠨ ᠵᠠᠰᠠᠬᠤ ᠣᠷᠣᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠭᠤᠣᠯᠳᠠᠯᠭ᠎ᠠ ᠲᠠᠢ ᠠᠵᠤ ᠠᠬᠤᠶᠢᠯᠠᠯ ᠢ ᠰᠢᠯᠭᠠᠷᠠᠭᠤᠯᠬᠤ ᠳᠤ ᠬᠤᠪᠢ ᠨᠡᠮᠡᠵᠦ ᠤᠷᠮᠠᠰᠢᠭᠤᠯᠤᠨ᠎ᠠ︔      ︵ᠬᠤᠶᠠᠷ︶ ᠠᠵᠤ ᠠᠬᠤᠶᠢᠯᠠᠯ ᠤᠨ ᠪᠡᠯᠡ ᠭᠠᠷᠭᠠᠭᠴᠢ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠠᠴᠠ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠲᠠᠨᠢᠯᠴᠠᠭᠤᠯᠬᠤ ᠳᠠᠭᠠᠨ ᠵᠢᠱᠢᠭᠳᠡᠭᠴᠢ ᠶᠢᠨ ᠪᠠᠷᠢᠮᠵᠢᠶ᠎ᠠ ᠨᠥᠬᠦᠴᠡᠯ ᠪᠠ ᠪᠦᠲᠦᠴᠡ ᠶᠢᠨ ᠬᠠᠷᠢᠴᠠᠯ ᠢ ᠦᠨᠳᠦᠰᠦᠯᠡᠨ ᠤᠷᠢᠳᠠᠪᠠᠷ ᠲᠠᠨᠢᠯᠴᠠᠭᠤᠯᠤᠨ᠎ᠠ᠃       ᠶᠢᠰᠦᠳᠦᠭᠡᠷ ᠵᠦᠢᠯ  ᠡᠷᠦᠭᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠳᠤ ᠳᠣᠣᠷᠠᠬᠢ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠦᠭᠦᠳ ᠢ  ᠬᠡᠷᠡᠭᠵᠢᠭᠦᠯᠦᠨ᠎ᠡ᠄        ︵ᠨᠢᠭᠡ︶ ᠬᠤᠷᠴᠢᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠨᠠᠶᠢᠷᠠᠭᠤᠯᠤᠭᠰᠠᠨ ᠡᠷᠦᠬᠡ ᠶᠢᠨ ᠴᠡᠷᠢᠭ ᠤᠨ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢ ᠣᠯᠭᠤᠬᠤ᠂ ᠬᠢᠨᠠᠨ ᠰᠢᠯᠭᠠᠬᠤ᠂ ᠰᠣᠯᠢᠬᠤ ᠠᠵᠢᠯ ᠢ ᠬᠠᠷᠢᠭᠤᠴᠠᠨ᠎ᠠ︔       ︵ᠬᠤᠶᠠᠷ︶ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢ ᠵᠢᠯ ᠪᠦᠷᠢ ᠨᠢᠭᠡ ᠤᠳᠠᠭ᠎ᠠ ᠬᠢᠨᠠᠨ ᠰᠢᠯᠭᠠᠵᠤ᠂ ᠤᠳᠠᠭ᠎ᠠ ᠪᠦᠷᠢ ᠶᠢᠨ ᠬᠢᠨᠠᠨ ᠰᠢᠯᠭᠠᠯᠲᠠ ᠶᠢᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ᠂ ᠰᠢᠯᠢᠳᠡᠭ ᠡᠷᠦᠬᠡ ᠶᠢᠨ ᠴᠡᠷᠢᠭ ᠬᠦᠴᠦᠨ ᠲᠠᠢ ᠬᠤᠭᠤᠴᠠᠭᠠᠨ ᠳᠠᠭᠠᠨ ᠬᠠᠮᠢᠶ᠎ᠠ ᠪᠦᠬᠦᠢ ᠡᠷᠬᠡ ᠠᠰᠢᠭ ᠤᠨ ᠪᠠᠲᠤᠯᠠᠭ᠎ᠠ ᠶᠢᠨ ᠠᠭᠤᠯᠭ᠎ᠠ ᠶᠢ ᠡᠳ᠋ᠯᠡᠨ᠎ᠡ᠃ ᠦᠨᠡᠮᠯᠡᠯ ᠨᠢ ᠬᠤᠭᠤᠴᠠᠭ᠎ᠠ ᠲᠤᠯᠵᠤ ᠬᠢᠨᠠᠨ ᠰᠢᠯᠭᠠᠭᠤᠯᠤᠭᠰᠠᠨ ᠦᠭᠡᠢ ᠪᠤᠶᠤ ᠡᠷᠦᠭᠡ ᠶᠢᠨ ᠴᠡᠷᠢᠭ ᠠᠩᠭᠢ ᠠᠴᠠ ᠭᠠᠷᠬᠤ ᠦᠶ᠎ᠡ ᠳᠤ ᠠᠶᠠᠨᠳᠠᠭᠠᠨ ᠬᠦᠴᠦᠨ ᠦᠭᠡᠢ ᠪᠣᠯᠵᠤ᠂ ᠬᠤᠯᠪᠣᠭᠳᠠᠯ ᠪᠦᠬᠦᠢ ᠡᠷᠬᠡ ᠠᠰᠢᠭ ᠢ ᠲᠠᠬᠢᠵᠤ ᠡᠳ᠋ᠯᠡᠬᠦ ᠦᠭᠡᠢ︔         ︵ᠭᠤᠷᠪᠠ︶ ᠦᠨᠡᠮᠯᠡᠯ ᠠᠪᠴᠤ ᠪᠠᠶᠢᠭ᠎ᠠ ᠬᠥᠮᠥᠨ ᠨᠢ ᠬᠠᠤᠯᠢ ᠶᠢ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ᠂ ᠲᠣᠭᠲᠠᠭᠠᠯ ᠢ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠪᠠᠯ᠂ ᠲᠡᠭᠦᠨ ᠤ ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠳᠤ ᠣᠨ ᠤ ᠪᠠᠶᠢᠴᠠᠭᠠᠯᠲᠠ ᠬᠢᠬᠦ ᠦᠭᠡᠢ ᠪᠥᠭᠡᠳ ᠰᠢᠯᠢᠳᠡᠭ ᠡᠷᠦᠭᠡ ᠶᠢᠨ ᠴᠡᠷᠢᠭ ᠤᠨ ᠬᠢᠷᠢ ᠬᠡᠮ ᠢ ᠨᠢ ᠬᠠᠰᠤᠨ᠎ᠠ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠢ ᠣᠯᠵᠤ᠂ ᠮᠠᠭᠤ ᠨᠥᠯᠥᠭᠡ ᠭᠠᠷᠭᠠᠭᠰᠠᠨ᠂ ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠰᠢᠢᠳᠬᠡᠯ ᠣᠯᠣᠭᠰᠠᠨ ᠪᠠᠶᠢᠪᠠᠯ᠂ ᠦᠨᠡᠮᠯᠡᠯ ᠣᠯᠭᠤᠭᠰᠠᠨ ᠨᠢᠭᠡᠴᠢ ᠠᠴᠠ ᠲᠡᠭᠦᠨ ᠤ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠢ ᠨᠢ ᠬᠤᠷᠢᠶᠠᠨ ᠠᠪᠤᠨ᠎ᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠢᠶᠠᠷ ᠰᠢᠢᠳᠬᠡᠭᠳᠡᠭᠰᠡᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠠᠯᠳᠠᠭ᠎ᠠ ᠪᠠᠨ ᠵᠠᠯᠠᠷᠠᠭᠤᠯᠵᠤ᠂ ᠨᠠᠵᠠᠭᠠᠢ ᠲᠠᠯ᠎ᠠ ᠶᠢᠨ ᠨᠥᠯᠥᠭᠡ ᠶᠢ ᠢᠳᠡᠪᠬᠢᠲᠡᠢ ᠠᠷᠢᠯᠭᠠᠵᠤ ᠴᠢᠳᠠᠪᠠᠯ᠂ ᠦᠨᠡᠮᠯᠡᠯ ᠣᠯᠭᠤᠭᠰᠠᠨ ᠨᠢᠭᠡᠴᠢ ᠪᠠᠷ ᠬᠢᠨᠠᠨ ᠵᠥᠪᠰᠢᠶᠡᠷᠡᠭᠦᠯᠦᠭᠡᠳ ︽ᠰᠢᠯᠢᠳᠡᠭ ᠡᠷᠦᠬᠡ ᠶᠢᠨ ᠴᠡᠷᠢᠭ ᠤᠨ ᠦᠨᠡᠮᠯᠡᠯ︾ ᠣᠯᠭᠤᠬᠤ ᠶᠢ ᠰᠡᠷᠭᠦᠭᠡᠵᠦ ᠪᠣᠯᠣᠨ᠎ᠠ︔        ︵ᠳᠥᠷᠪᠡ︶ ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠵᠥᠪᠬᠡᠨ ᠲᠤᠰ ᠬᠥᠮᠥᠨ ᠳᠤᠨᠢ ᠬᠡᠷᠡᠭᠯᠡᠭᠦᠯᠦᠨ᠎ᠡ᠂ ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠪᠠᠯᠠᠯᠤᠨ ᠵᠠᠰᠠᠭᠰᠠᠨ᠂ ᠪᠤᠰᠤᠳ ᠲᠤ ᠵᠢᠭᠡᠯᠡᠭᠦᠯᠦᠨ ᠬᠡᠷᠡᠭᠯᠡᠭᠦᠯᠦᠭᠰᠡᠨ ᠪᠠᠶᠢᠪᠠᠯ᠂ ᠦᠨᠡᠮᠯᠡᠯ  ᠣᠯᠭᠤᠭᠰᠠᠨ ᠨᠢᠭᠡᠴᠢ ᠠᠴᠠ ᠦᠨᠡᠮᠯᠡᠯ ᠢ  ᠬᠤᠷᠢᠶᠠᠵᠤ ᠠᠪᠤᠨ᠎ᠠ︔ ᠭᠡᠭᠡᠵᠦ ᠣᠷᠬᠢᠭᠰᠠᠨ ᠪᠤᠶᠤ ᠡᠪᠳᠡᠵᠦ ᠰᠦᠢᠳᠬᠡᠭᠰᠡᠨ ᠪᠠᠶᠢᠪᠠᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ ᠳᠠᠩᠰᠠᠯᠠᠭᠤᠯᠬᠤ ᠬᠡᠷᠡᠭᠲᠡᠢ︔       ︵ᠲᠠᠪᠤ︶ ︽ᠰᠢᠯᠢᠳᠡᠭ ᠡᠷᠦᠭᠡ ᠶᠢᠨ ᠴᠡᠷᠢᠭ ᠤᠨ ᠦᠨᠡᠮᠯᠡᠯ︾ ᠢ ᠬᠠᠭᠤᠷᠮᠠᠭᠯᠠᠨ ᠵᠣᠬᠢᠶᠠᠭᠰᠠᠨ᠂ ᠮᠡᠬᠡᠯᠡᠨ ᠠᠪᠤᠭᠰᠠᠨ ᠬᠥᠮᠥᠰ ᠢ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠪᠦᠷᠢᠯᠡᠨ᠎ᠡ᠃       ᠠᠷᠪᠠᠳᠤᠭᠠᠷ ᠵᠦᠢᠯ  ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠠᠷᠠᠳ ᠤᠨ ᠵᠡᠪᠰᠡᠭᠲᠦ ᠬᠦᠴᠦᠨ ᠤ ᠶᠠᠮᠤᠨ ᠠᠴᠠ ᠲᠣᠰ ᠬᠠᠷᠢᠶ᠎ᠠ ᠣᠷᠣᠨ ᠤ ᠪᠠᠨ ᠡᠷᠦᠬᠡ ᠶᠢᠨ ᠴᠡᠷᠢᠭ ᠤᠨ ᠬᠠᠷᠠᠭᠠᠯᠵᠠᠯ ᠪᠠ ᠡᠷᠬᠡ ᠠᠰᠢᠭ ᠤᠨ ᠪᠠᠲᠤᠯᠠᠭ᠎ᠠ ᠳᠤ ᠬᠢᠨᠠᠯᠲᠠ ᠲᠠᠯᠪᠢᠵᠤ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠪᠣᠳᠠᠲᠠᠢ ᠪᠠᠷ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ ᠵᠠᠭᠠᠯᠳᠤᠯᠭ᠎ᠠ ᠭᠠᠷᠭᠠᠭᠰᠠᠨ ᠵᠢᠴᠢ ᠮᠠᠭᠤ ᠨᠥᠯᠥᠭᠡ ᠭᠠᠷᠭᠠᠭᠰᠠᠨ ᠨᠢᠭᠡᠴᠢ ᠪᠠ ᠬᠤᠪᠢ ᠬᠥᠮᠥᠨ ᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠠᠷᠠᠳ ᠤᠨ ᠵᠡᠪᠰᠡᠭᠲᠦ ᠬᠦᠴᠦᠨ ᠤ ᠶᠠᠮᠤᠨ ᠠᠴᠠ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠠᠤᠯᠢ ᠰᠠᠬᠢᠯᠭ᠎ᠠ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃       ᠠᠷᠪᠠᠨ ᠨᠢᠭᠡᠳᠦᠭᠡᠷ ᠵᠦᠢᠯ  ᠲᠤᠰ ᠠᠷᠭ᠎ᠠ ᠶᠢ ᠪᠣᠳᠠᠲᠠᠢ ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ ᠲᠠᠢ ᠪᠣᠯ ᠬᠤᠷᠴᠢᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠬᠠᠷᠢᠭᠤᠴᠠᠨ ᠲᠠᠶᠢᠯᠪᠤᠷᠢᠯᠠᠨ᠎ᠠ᠃       ᠠᠷᠪᠠᠨ ᠬᠤᠶᠠᠳᠤᠭᠠᠷ ᠵᠦᠢᠯ  ᠲᠣᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠵᠡᠷᠭᠡ ᠳᠡᠭᠡᠳᠦ ᠱᠠᠲᠤᠨ ᠤ ᠰᠠᠯᠠᠭ᠎ᠠ ᠮᠥᠴᠢᠷ ᠤᠳ ᠠᠰᠲᠠᠭᠠᠨ ᠲᠣᠭᠲᠠᠭᠠᠯ ᠲᠠᠢ ᠪᠣᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号