ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ | ᠲᠠᠷᠢᠶᠠᠯᠠᠩ ᠤᠨ ︽ᠭᠤᠷᠪᠠᠨ ᠵᠦᠢᠯ ᠤᠨ ᠨᠥᠬᠦᠪᠦᠷᠢ︾ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ | ᠬᠠᠮᠠᠭᠠᠯᠠᠯᠲᠠ ᠶᠢᠨ ᠨᠥᠬᠦᠪᠦᠷᠢ ᠶᠢ ᠲᠠᠷᠢᠶᠠᠴᠢᠳ ᠤᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠲᠠᠢ | ᠬᠤᠯᠪᠣᠭᠳᠠᠭᠤᠯᠬᠤ ᠶᠢ ᠦᠷᠭᠦᠯᠵᠢᠯᠡᠨ ᠠᠬᠢᠭᠤᠯᠵᠤ᠂ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠦᠨ᠂ ᠨᠥᠬᠦᠪᠦᠷᠢ ᠶᠢᠨ ᠠᠷᠭ᠎ᠠ ᠶᠢ ᠰᠠᠶᠢᠵᠢᠷᠠᠭᠤᠯᠵᠤ᠂ ᠨᠥᠬᠦᠪᠦᠷᠢ ᠶᠢᠨ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︿2023 ᠣᠨ ᠤ ᠲᠠᠷᠢᠶᠠᠨ ᠭᠠᠵᠠᠷ ᠤᠨ ᠬᠦᠴᠦᠨ ᠤ | ᠬᠠᠮᠠᠭᠠᠯᠠᠯᠲᠠ ᠶᠢᠨ ᠨᠥᠬᠦᠪᠦᠷᠢ ᠶᠢᠨ ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ | ᠶᠣᠰᠣᠭᠠᠷ ︵ᠲᠦᠩᠯᠢᠶᠣᠣ ᠲᠠᠷᠢᠶᠠᠯᠠᠩ ᠮᠠᠯ ᠠᠵᠤ ᠠᠬᠤᠢ ᠲᠠᠷᠬᠠᠭᠠᠭᠰᠠᠨ ﹇2023﹈ 95 ᠳ᠋ᠤᠭᠠᠷ ᠲᠣᠭᠠᠲᠤ︶᠂ | ︽ᠲᠦᠩᠯᠢᠶᠣᠣ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︿2023 ᠣᠨ ᠤ ᠲᠥᠪ ᠤᠨ ᠡᠳ᠋ ᠤᠨ | ᠵᠠᠰᠠᠭ 0 ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠪᠡᠯᠡ ᠮᠥᠩᠭᠦ ᠶᠢ ᠤᠷᠢᠳᠴᠢᠯᠠᠨ | ᠪᠠᠭᠤᠯᠭᠠᠬᠤ ᠲᠤᠬᠠᠢ ᠮᠡᠳᠡᠭᠳᠡᠯ﹀︾ ︵ᠲᠦᠩᠯᠢᠶᠣᠣ ᠡᠳ᠋ ᠲᠠᠷᠢᠶᠠᠯᠠᠩ ﹇2022﹈ 184 ᠳ᠋ᠦᠭᠡᠷ ᠲᠣᠭᠠᠲᠤ︶ ᠪᠠ | ︽ᠲᠦᠩᠯᠢᠶᠣᠣ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︿2023 ᠣᠨ ᠤ ᠲᠥᠪ ᠤᠨ ᠡᠳ᠋ ᠤᠨ | ᠵᠠᠰᠠᠭ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠪᠡᠯᠡ ᠮᠥᠩᠭᠦ ᠶᠢ ᠪᠠᠭᠤᠯᠭᠠᠬᠤ | ᠲᠤᠬᠠᠢ ᠮᠡᠳᠡᠭᠳᠡᠯ﹀︾ ︵ᠲᠦᠩᠯᠢᠶᠣᠣ ᠡᠳ᠋ ᠲᠠᠷᠢᠶᠠᠯᠠᠩ ﹇2023﹈ 242 ᠳ᠋ᠤᠭᠠᠷ ᠲᠣᠭᠠᠲᠤ︶ ᠤᠨ ᠬᠠᠮᠢᠶ᠎ᠠ | ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠮᠠᠨ ᠤ ᠲᠣᠭᠤᠷᠢᠭ ᠤᠨ ᠲᠠᠷᠢᠶᠠᠨ ᠭᠠᠵᠠᠷ ᠤᠨ ᠬᠦᠴᠦᠨ ᠤ | ᠣᠳᠣᠬᠢ ᠪᠠᠶᠢᠳᠠᠯ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠬᠤᠶᠠᠷ᠂ ᠪᠡᠯᠡ ᠮᠥᠩᠭᠦ ᠶᠢᠨ ᠬᠡᠷᠡᠭᠯᠡᠯᠲᠡ ᠪᠠ ᠵᠠᠷᠤᠯᠭ᠎ᠠ ᠶᠢᠨ ᠴᠢᠭᠯᠡᠯ | ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠪᠡᠯᠡ ᠮᠥᠩᠭᠦ ᠶᠢ ᠲᠠᠷᠢᠶᠠᠨ | ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢ ᠠᠬᠢᠭᠤᠯᠬᠤ᠂ ᠠᠮᠤ ᠪᠤᠳᠠᠭ᠎ᠠ ᠪᠤᠷᠴᠠᠭ ᠦᠢᠯᠡᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠳᠤ ᠭᠤᠣᠯᠳᠠᠯᠭ᠎ᠠ ᠲᠠᠢ ᠬᠡᠷᠡᠭᠯᠡᠨ᠎ᠡ᠃ ᠥᠷᠭᠡᠨ ᠳᠡᠯᠭᠡᠷᠡᠩᠭᠦᠢ ᠪᠠᠷ ᠤᠬᠠᠭᠤᠯᠤᠨ | ᠳᠠᠶᠢᠴᠢᠯᠠᠬᠤ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ | ᠭᠠᠵᠠᠷ ᠰᠢᠷᠣᠢ ᠶᠢ ᠭᠦᠨ ᠰᠤᠯᠠᠷᠠᠭᠤᠯᠤᠨ ᠲᠡᠭᠰᠢᠯᠡᠭᠦᠯᠵᠦ᠂ ᠬᠥᠷᠥᠰᠥ ᠰᠢᠷᠣᠢ ᠶᠢᠨ ᠲᠠᠷᠢᠶᠠᠯᠠᠬᠤ ᠳᠠᠪᠬᠤᠷᠭ᠎ᠠ ᠶᠢᠨ | ᠪᠦᠲᠦᠴᠡ ᠶᠢ ᠰᠠᠶᠢᠵᠢᠷᠠᠭᠤᠯᠵᠤ᠂ ᠲᠠᠷᠢᠶᠠᠨ ᠭᠠᠵᠠᠷ ᠤᠨ ᠤᠰᠤ ᠬᠤᠷᠠᠮᠳᠤᠭᠤᠯᠤᠨ ᠴᠢᠬᠢᠭ ᠢ ᠬᠠᠮᠠᠭᠠᠯᠠᠬᠤ ᠪᠠ | ᠬᠦᠢᠲᠡᠨ ᠢ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ; ᠲᠠᠷᠢᠮᠠᠯ ᠤᠨ ᠡᠰᠢ ᠰᠦᠷᠡᠯ ᠢ ᠪᠦᠲᠦᠮᠵᠢᠲᠡᠶ | ᠠᠰᠢᠭᠯᠠᠬᠤ ᠶᠢ ᠵᠣᠷᠢᠭᠵᠢᠭᠤᠯᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠵᠤ᠂ ᠡᠰᠢ ᠰᠦᠷᠡᠯ ᠢ ᠣᠪᠣᠭᠠᠯᠠᠨ | ᠳᠡᠪᠲᠦᠭᠡᠬᠦ ᠶᠢ ᠵᠣᠷᠢᠭᠵᠢᠭᠤᠯᠵᠤ᠂ ᠬᠡᠮᠬᠡᠯᠦᠨ ᠲᠠᠷᠢᠶᠠᠨ ᠳᠤ ᠪᠤᠴᠠᠭᠠᠬᠤ ᠶᠢ ᠵᠣᠷᠢᠭᠵᠢᠭᠤᠯᠵᠤ᠂ ᠡᠰᠢ ᠰᠦᠷᠡᠯ ᠢ | ᠳᠠᠷᠤᠰᠢᠭᠤᠯᠤᠨ ᠡᠪᠡᠰᠦᠨ ᠲᠡᠵᠢᠭᠡᠯᠲᠦ ᠮᠠᠯ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠤᠨ᠎ᠠ︔ ᠲᠠᠷᠢᠶᠠᠨ ᠡᠮ᠂ | ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ ᠮᠠᠯ ᠵᠢᠭᠦᠷᠲᠡᠨ ᠤ ᠪᠠᠭᠠᠰᠤ ᠪᠤᠷᠲᠠᠭ ᠢ ᠰᠠᠶᠢᠲᠤᠷ | ᠬᠡᠷᠡᠭᠯᠡᠵᠦ᠂ ᠲᠠᠷᠢᠶᠠᠴᠢᠨ ᠠᠶᠢᠯ ᠤᠨ ᠪᠣᠷᠳᠣᠭᠤᠷ ᠢ ᠨᠡᠮᠡᠨ ᠣᠷᠣᠭᠤᠯᠵᠤ᠂ ᠣᠷᠭᠠᠨᠢᠭ᠂ ᠣᠷᠭᠠᠨᠢᠭ ᠪᠤᠰᠤ | ᠨᠠᠶᠢᠷᠠᠭᠤᠯᠭ᠎ᠠ᠂ ᠮᠢᠺᠷᠣᠪ ᠪᠠᠺᠲ᠋ᠧᠷᠢᠲᠦ ᠪᠣᠷᠳᠣᠭᠤᠷ ᠵᠡᠷᠭᠡ ᠶᠢ ᠨᠡᠮᠡᠵᠦ ᠣᠷᠣᠭᠤᠯᠤᠨ᠎ᠠ ; ᠤᠰᠤ ᠠᠷᠪᠢᠯᠠᠬᠤ | ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠰᠦᠷᠴᠢᠨ ᠤᠰᠤᠯᠠᠬᠤ᠂ ᠳᠤᠰᠤᠯᠭᠠᠨ ᠤᠰᠤᠯᠠᠬᠤ᠂ ᠬᠤᠭᠤᠯᠠᠢ ᠪᠠᠷ ᠤᠰᠤᠯᠠᠬᠤ | ᠵᠡᠷᠭᠡ ᠤᠰᠤ ᠠᠷᠪᠢᠯᠠᠬᠤ ᠲᠠᠷᠢᠶᠠᠯᠠᠩ ᠤᠨ ᠠᠷᠭ᠎ᠠ ᠬᠡᠮᠵᠢᠶ᠎ᠡ ᠶᠢ ᠵᠣᠷᠢᠭᠵᠢᠭᠤᠯᠤᠨ ᠬᠥᠭᠵᠢᠭᠦᠯᠵᠦ᠂ ᠤᠰᠤ | ᠪᠣᠷᠳᠣᠭᠤᠷ ᠢ ᠨᠢᠭᠡ ᠴᠣᠭᠴᠠᠵᠢᠭᠤᠯᠬᠤ᠂ ᠭᠠᠵᠠᠷ ᠤᠨ ᠥᠩ ᠰᠢᠮ᠎ᠡ ᠶᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ ᠶᠢ | ᠳᠡᠯᠭᠡᠷᠡᠭᠦᠯᠦᠨ᠎ᠡ; ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ᠂ ᠳᠡᠭᠡᠭᠰᠢᠯᠡᠭᠦᠯᠬᠦ ᠳᠤ ᠠᠰᠢᠭᠲᠠᠢ ᠪᠤᠰᠤᠳ | ᠠᠷᠭ᠎ᠠ ᠬᠡᠮᠵᠢᠶ᠎ᠡ ᠨᠦᠭᠦᠳ ᠢ ᠬᠡᠷᠡᠭᠯᠡᠨ᠎ᠡ᠃ ᠤᠯᠠᠨ ᠲᠦᠮᠡᠨ ᠤ ᠬᠢᠮᠢ ᠶᠢᠨ ᠪᠣᠷᠳᠣᠭᠤᠷ᠂ ᠲᠠᠷᠢᠶᠠᠨ ᠡᠮ᠂ | ᠲᠠᠷᠢᠶᠠᠯᠠᠩ ᠤᠨ ᠵᠤᠯᠤᠮ᠎ᠠ ᠪᠦᠷᠬᠦᠪᠴᠢ᠂ ᠦᠷ᠎ᠡ ᠵᠡᠷᠭᠡ ᠠᠮᠤ ᠪᠤᠳᠠᠭᠠᠨ ᠤ ᠦᠢᠯᠡᠳᠪᠦᠷᠢᠯᠡᠯ ᠤᠨ ᠬᠡᠷᠡᠭᠰᠡᠯ ᠢ | ᠬᠤᠳᠠᠯᠳᠤᠨ ᠠᠪᠬᠤ ᠶᠢ ᠲᠡᠮᠵᠢᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ | | ᠭᠤᠷᠪᠠ᠂ ᠣᠯᠭᠤᠬᠤ ᠡᠲᠡᠭᠡᠳ ᠪᠠ ᠨᠥᠬᠦᠪᠦᠷᠢ ᠥᠭᠬᠦ ᠬᠦᠷᠢᠶ᠎ᠡ ᠬᠡᠪᠴᠢᠶ᠎ᠡ | ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠣᠯᠬᠤ ᠡᠲᠡᠭᠡᠳ ᠪᠣᠯ ᠵᠠᠷᠴᠢᠮ | ᠳᠡᠭᠡᠷ᠎ᠡ ᠪᠠᠨ ᠲᠠᠷᠢᠶᠠᠨ ᠭᠠᠵᠠᠷ ᠢ ᠳᠠᠭᠠᠭᠠᠴᠢᠯᠠᠬᠤ ᠡᠷᠬᠡ ᠲᠠᠢ ᠲᠠᠷᠢᠶᠠᠯᠠᠩ ᠤᠨ ᠲᠠᠷᠢᠶᠠᠴᠢᠨ ︵ᠲᠠᠷᠢᠶᠠᠯᠠᠩ | ᠮᠠᠯᠵᠢᠯ ᠤᠨ ᠲᠠᠯᠠᠪᠠᠶ ᠶᠢᠨ ᠠᠵᠢᠯᠲᠠᠨ ᠠᠵᠢᠯᠴᠢᠨ︶ ᠪᠣᠯᠣᠨ᠎ᠠ᠃ ᠨᠢᠭᠡᠨᠲᠡ ᠳᠠᠷᠢᠭᠰᠠᠨ ᠣᠶ ᠮᠣᠳᠣ ᠪᠠ ᠮᠠᠯ ᠠᠵᠤ | ᠠᠬᠤᠢ ᠶᠢᠨ ᠲᠡᠵᠢᠭᠡᠨ ᠦᠷᠡᠵᠢᠭᠦᠯᠬᠦ ᠲᠠᠯᠠᠪᠠᠶ ᠪᠣᠯᠭᠠᠨ ᠬᠡᠷᠡᠭᠯᠡᠭᠰᠡᠨ ᠲᠠᠷᠢᠶᠠᠨ ᠭᠠᠵᠠᠷ ᠲᠤ᠂ ᠬᠡᠰᠡᠭ ᠪᠤᠰᠠᠭ ᠠᠮᠤ | ᠪᠤᠳᠠᠭᠠᠨ ᠤ ᠲᠠᠷᠢᠶ᠎ᠠ ᠶᠢ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ᠂ ᠳᠠᠭᠠᠯᠲᠠ ᠪᠠ ᠢᠵᠢ ᠪᠦᠷᠢᠳᠦᠭᠰᠡᠨ | ᠪᠡᠯᠡᠳᠬᠡᠮᠵᠢ ᠳᠤ ᠬᠡᠷᠡᠭᠯᠡᠬᠦ ᠭᠠᠵᠠᠷ᠂ ᠲᠠᠷᠢᠶᠠᠯᠠᠩ ᠤᠨ ᠪᠤᠰᠤ ᠲᠠᠲᠠᠪᠤᠷᠢᠯᠠᠬᠤ ︵ᠡᠵᠡᠯᠡᠨ ᠬᠡᠷᠡᠭᠯᠡᠬᠦ︶ ᠲᠠᠷᠢᠶᠠᠨ | ᠭᠠᠵᠠᠷ ᠵᠡᠷᠭᠡ ᠨᠢᠭᠡᠨᠲᠡ ᠬᠡᠷᠡᠭᠴᠡᠭᠡ ᠶᠢ ᠨᠢ ᠬᠤᠪᠢᠷᠠᠭᠤᠯᠤᠭᠰᠠᠨ ᠲᠠᠷᠢᠶᠠᠨ ᠭᠠᠵᠠᠷ ᠪᠣᠯᠭᠠᠵᠤ ᠬᠤᠪᠢᠷᠠᠭᠤᠯᠤᠨ᠎ᠠ᠃ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠳᠤᠮᠳᠠᠬᠢ ︽ᠨᠥᠬᠦᠪᠦᠷᠢᠯᠡᠬᠦ︾ ᠲᠠᠯᠠᠪᠠᠶ ᠪᠠ ᠶᠠᠰᠤ | ᠴᠢᠨᠠᠷ ᠨᠢ ᠲᠠᠷᠢᠶᠠᠯᠠᠬᠤ ᠨᠥᠬᠦᠴᠡᠯ ᠳᠤ ᠬᠦᠷᠬᠦ ᠦᠭᠡᠢ ᠲᠠᠷᠢᠶᠠᠨ ᠭᠠᠵᠠᠷ ︵ᠳᠠᠷᠤᠢ ᠤᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ | ᠲᠢᠩᠬᠢᠮ ᠤᠨ ︽ᠨᠥᠬᠦᠪᠦᠷᠢᠯᠡᠬᠦ ᠲᠠᠷᠢᠶᠠᠨ ᠭᠠᠵᠠᠷ ᠤᠨ ᠶᠠᠰᠤ ᠴᠢᠨᠠᠷ ᠢ ᠦᠨᠡᠯᠡᠬᠦ ᠠᠵᠢᠯ ᠪᠠ ᠮᠡᠷᠭᠡᠵᠢᠯ ᠤᠨ | ᠵᠢᠷᠤᠮᠵᠢᠯ︾ ᠳᠤ ᠨᠡᠶᠢᠴᠡᠬᠦ ᠦᠭᠡᠢ ᠲᠠᠷᠢᠶᠠᠨ ᠭᠠᠵᠠᠷ︶ ᠪᠠ 2022 ᠣᠨ ᠤ ᠲᠠᠷᠢᠶᠠᠯᠠᠬᠤ ᠶᠢ ᠵᠣᠭᠰᠤᠭᠠᠬᠤ | ᠬᠡᠪᠴᠢᠶᠡᠨ ᠳᠤ ᠨᠢᠭᠡᠨᠲᠡ ᠣᠷᠣᠭᠤᠯᠤᠭᠰᠠᠨ ᠲᠠᠷᠢᠶᠠᠨ ᠭᠠᠵᠠᠷ ᠲᠤ ᠨᠥᠬᠦᠪᠦᠷᠢ ᠥᠭᠬᠦ ᠦᠭᠡᠢ︔ 2022 ᠣᠨ ᠳᠤ | ᠨᠢᠭᠡ ᠵᠢᠯ ᠠᠴᠠ ᠳᠡᠭᠡᠭᠰᠢ ᠠᠲᠠᠷᠰᠢᠭᠤᠯᠤᠭᠰᠠᠨ ᠪᠠᠶᠢᠪᠠᠯ᠂ ᠡᠨᠡ ᠵᠢᠯ ᠤᠨ ᠨᠥᠬᠦᠪᠦᠷᠢ ᠶᠢᠨ ᠪᠡᠯᠡ ᠮᠥᠩᠭᠦ ᠶᠢ | ᠬᠦᠴᠦᠨ ᠦᠭᠡᠢ ᠪᠣᠯᠭᠠᠨ᠎ᠠ︔ ᠰᠦᠯᠢᠶᠥᠦ ᠪᠦᠷᠬᠦᠪᠴᠢ ᠶᠢ ᠬᠡᠷᠡᠭᠯᠡᠭᠰᠡᠨ ᠪᠣᠯᠪᠠᠴᠤ ᠰᠦᠯᠢᠶᠥᠦ ᠪᠦᠷᠬᠦᠪᠴᠢ ᠶᠢ | ᠲᠠᠷᠢᠶᠠᠨ ᠭᠠᠵᠠᠷ ᠠᠴᠠ ᠰᠠᠯᠭᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠲᠠᠷᠢᠶᠠᠨ ᠭᠠᠵᠠᠷ ᠠᠴᠠ ᠰᠠᠯᠤᠭᠰᠠᠨ | ᠬᠠᠷᠢᠴᠠᠯ ᠨᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠦᠭᠰᠡᠨ ᠦᠭᠡᠢ ᠪᠠᠶᠢᠪᠠᠯ᠂ ᠨᠥᠬᠦᠪᠦᠷᠢ ᠶᠢᠨ | ᠪᠡᠯᠡ ᠮᠥᠩᠭᠦ ᠣᠯᠭᠤᠬᠤ ᠶᠢ ᠬᠤᠶᠢᠰᠢᠯᠠᠭᠤᠯᠬᠤ ᠪᠤᠶᠤ ᠲᠦᠷ ᠵᠣᠭᠰᠣᠭᠠᠨ᠎ᠠ︔ ᠮᠠᠷᠭᠤᠯᠳᠤᠭᠠᠨ ᠲᠠᠢ ᠪᠥᠭᠡᠳ | ᠬᠠᠷᠠᠬᠠᠨ ᠰᠢᠢᠳᠪᠦᠷᠢᠯᠡᠭᠡᠳᠦᠢ ᠭᠠᠵᠠᠷ ᠰᠢᠷᠣᠢ ᠳᠤ ᠲᠤᠬᠠᠢ ᠶᠢᠨ ᠵᠢᠯ ᠤᠨ ᠲᠣᠰ ᠵᠦᠢᠯ ᠤᠨ ᠨᠥᠬᠦᠪᠦᠷᠢ ᠶᠢ ᠥᠭᠬᠦ | ᠦᠭᠡᠢ᠃ | ᠳᠥᠷᠪᠡ᠂ ᠨᠥᠬᠦᠪᠦᠷᠢ ᠶᠢᠨ ᠪᠠᠷᠢᠮᠵᠢᠶ᠎ᠠ | ᠨᠥᠬᠦᠪᠦᠷᠢ ᠶᠢᠨ ᠪᠠᠷᠢᠮᠵᠢᠶ᠎ᠠ ᠶᠢ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠠᠴᠠ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠲᠤ ᠰᠠᠯᠭᠠᠨ ᠥᠭᠭᠦᠭᠰᠡᠨ | ᠨᠥᠬᠦᠪᠦᠷᠢ ᠶᠢᠨ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ ᠪᠠ ᠬᠤᠷᠴᠢᠨ ᠲᠣᠭᠤᠷᠢᠭ ᠤᠨ ᠲᠤᠬᠠᠢ ᠶᠢᠨ ᠵᠢᠯ ᠤᠨ | ᠬᠠᠮᠤᠭ ᠡᠴᠦᠰ ᠤᠨ ᠲᠣᠭᠲᠠᠭᠠᠭᠰᠠᠨ ᠨᠥᠬᠦᠪᠦᠷᠢ ᠶᠢᠨ ᠲᠠᠯᠠᠪᠠᠶ ᠶᠢ ᠦᠨᠳᠦᠰᠦᠯᠡᠨ ᠶᠡᠷᠦᠩᠬᠡᠶᠢᠯᠡᠨ ᠲᠥᠰᠥᠭᠡᠯᠡᠨ | ᠪᠤᠳᠤᠵᠤ ᠲᠣᠭᠲᠠᠭᠠᠨ᠎ᠠ᠃ | ᠲᠠᠪᠤ᠂ ᠲᠠᠷᠬᠠᠭᠠᠨ ᠥᠭᠬᠦ ᠬᠠᠮᠢᠶᠠᠷᠤᠯᠲᠠ | ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢ ᠪᠦᠬᠦᠨ ᠢ ︽ᠪᠦᠬᠦᠨ ᠳᠤ | ᠲᠣᠬᠢᠷᠠᠬᠤ ᠺᠠᠷᠲ︾ ᠤᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠲᠠᠷᠢᠶᠠᠴᠢᠳ ᠤᠨ ᠭᠠᠷ ᠲᠤ ᠰᠢᠭᠤᠳ | ᠲᠠᠷᠬᠠᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠳᠣᠲᠣᠷᠠᠬᠢ | ᠨᠥᠬᠦᠪᠦᠷᠢ ᠶᠢᠨ ᠲᠠᠯᠠᠪᠠᠶ ᠶᠢ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ ᠠᠵᠢᠯ ᠢ ᠬᠠᠷᠢᠭᠤᠴᠠᠵᠤ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠤᠳ ᠠᠷᠠᠳ ᠲᠤ ᠲᠥᠬᠦᠮ ᠦᠵᠡᠭᠦᠯᠵᠦ ᠥᠨᠳᠥᠷ ᠦᠷ᠎ᠡ ᠪᠦᠲᠦᠮᠵᠢᠲᠡᠶ ᠪᠠᠶᠢᠯᠭᠠᠬᠤ᠂ | ᠪᠡᠯᠡ ᠮᠥᠩᠭᠦ ᠶᠢ ᠠᠮᠤᠷ ᠲᠦᠪᠰᠢᠨ ᠪᠠᠶᠢᠯᠭᠠᠬᠤ ᠵᠠᠷᠴᠢᠮ ᠶᠣᠰᠣᠭᠠᠷ᠂ ᠴᠠᠭ ᠲᠤᠬᠠᠢ ᠳᠤᠨᠢ ︽ᠪᠦᠬᠦᠨ ᠳᠤ | ᠲᠣᠬᠢᠷᠠᠬᠤ ᠺᠠᠷᠲ︾ ᠢᠶᠠᠷ ᠳᠠᠮᠵᠢᠭᠤᠯᠤᠨ ᠨᠥᠬᠦᠪᠦᠷᠢ ᠶᠢᠨ ᠪᠡᠯᠡ ᠮᠥᠩᠭᠦ ᠶᠢ ᠲᠠᠷᠢᠶᠠᠴᠢᠳ ᠲᠤ ᠰᠢᠭᠤᠳ ᠣᠯᠭᠤᠬᠤ | ᠬᠡᠷᠡᠭᠲᠡᠢ᠃ ᠲᠠᠷᠢᠶᠠᠴᠢᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ︽ᠪᠦᠬᠦᠨ ᠳᠤ ᠲᠣᠬᠢᠷᠠᠬᠤ | ᠺᠠᠷᠲ︾ ᠤᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠨ᠂ ᠨᠥᠬᠦᠪᠦᠷᠢ ᠣᠯᠭᠤᠬᠤ ᠡᠲᠡᠭᠡᠳ᠂ ᠨᠥᠬᠦᠪᠦᠷᠢ ᠶᠢᠨ ᠪᠠᠷᠢᠮᠵᠢᠶ᠎ᠠ ᠶᠢ ᠬᠢᠨᠠᠮᠠᠭᠠᠢ ᠬᠢᠨᠠᠨ | ᠬᠠᠷᠭᠤᠭᠤᠯᠵᠤ᠂ ᠢᠯᠡ ᠨᠡᠶᠢᠲᠡᠯᠡᠬᠦ ᠳᠦᠷᠢᠮ ᠢ ᠨᠠᠶᠢᠳᠠᠪᠤᠷᠢᠵᠢᠭᠤᠯᠤᠨ᠂ ᠪᠡᠯᠡ ᠮᠥᠩᠭᠦ ᠣᠯᠭᠤᠬᠤ ᠠᠵᠢᠯ ᠢ ᠴᠠᠭ | ᠲᠤᠬᠠᠢ ᠳᠤᠨᠢ ᠣᠨᠣᠪᠴᠢᠲᠠᠶ ᠪᠡᠶᠡᠯᠡᠭᠦᠯᠬᠦ ᠬᠡᠷᠡᠭᠲᠡᠢ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠵᠣᠬᠢᠴᠠᠭᠤᠯᠤᠨ ᠬᠠᠮᠵᠢᠯᠴᠠᠬᠤ ᠶᠢ | ᠴᠢᠩᠭᠠᠷᠠᠭᠤᠯᠤᠨ᠎ᠠ᠃ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢᠨ ᠲᠥᠷᠥᠯ ᠵᠦᠢᠯ ᠨᠢ | ᠲᠠᠷᠢᠶᠠᠯᠠᠩ᠂ ᠡᠳ᠋ ᠤᠨ ᠵᠠᠰᠠᠭ ᠵᠡᠷᠭᠡ ᠣᠯᠠᠨ ᠰᠠᠯᠠᠭ᠎ᠠ ᠮᠥᠴᠢᠷ ᠲᠤ ᠬᠤᠯᠪᠣᠭᠳᠠᠵᠤ᠂ ᠨᠥᠬᠦᠪᠦᠷᠢ ᠶᠢ ᠲᠦᠭ | ᠲᠦᠮᠡᠨ ᠠᠶᠢᠯ ᠡᠷᠦᠬᠡ ᠳᠤ ᠬᠦᠷᠲᠡᠭᠡᠵᠦ᠂ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠬᠡᠮᠵᠢᠶ᠎ᠡ ᠪᠠᠷ ᠶᠡᠭᠡ᠂ ᠴᠠᠭ | ᠪᠠᠴᠢᠮ ᠡᠭᠦᠷᠭᠡ ᠬᠦᠨᠳᠦ ᠪᠣᠯᠬᠤᠷ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠩ ᠰᠢᠩ | ᠵᠢᠶᠠᠨ ᠭᠦᠸᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠤᠯᠤᠰ ᠤᠨ ᠥᠮᠴᠢᠯᠡᠯᠲᠦ ᠲᠠᠷᠢᠶᠠᠯᠠᠩ | ᠮᠠᠯᠵᠢᠯ ᠤᠨ ᠲᠠᠯᠠᠪᠠᠶ᠂ ᠡᠯ᠎ᠡ ᠣᠶ ᠰᠢᠭᠤᠢ ᠶᠢᠨ ᠲᠠᠯᠠᠪᠠᠶ ᠶᠢᠨ ᠤᠰᠤᠨ ᠴᠥᠭᠦᠷᠥᠮ ᠤᠳ ᠲᠠᠷᠢᠶᠠᠨ ᠭᠠᠵᠠᠷ ᠤᠨ | ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠵᠣᠬᠢᠬᠤ ᠠᠵᠢᠯ ᠤᠨ ᠪᠠᠶᠢᠭᠤᠯᠤᠮᠵᠢ ᠪᠠᠶᠢᠭᠤᠯᠤᠨ᠂ ᠡᠯ᠎ᠡ ᠰᠠᠯᠠᠭ᠎ᠠ ᠮᠥᠴᠢᠷ | ᠯᠦᠭᠡ ᠵᠣᠬᠢᠴᠠᠭᠤᠯᠤᠨ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃ ᠨᠢᠭᠡᠳᠦᠯᠲᠡᠢ ᠪᠠᠶᠢᠷᠢᠯᠠᠭᠤᠯᠵᠤ᠂ ᠨᠢᠭᠲᠠ | ᠬᠠᠮᠵᠢᠯᠴᠠᠨ᠂ ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠠᠵᠢᠯ ᠬᠤᠪᠢᠶᠠᠨ ᠬᠠᠷᠢᠭᠤᠴᠠᠬᠤ᠂ ᠴᠤᠭᠭᠠᠷ ᠠᠳᠬᠤᠵᠤ | ᠬᠠᠮᠲᠤ ᠪᠠᠷ ᠬᠠᠮᠢᠶᠠᠷᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠭᠠᠴᠠᠭᠠᠨ ᠤ ᠱᠠᠲᠤᠨ ᠤ | ᠲᠠᠷᠢᠮᠠᠯ ᠤᠨ ᠲᠠᠯᠠᠪᠠᠢ ᠶᠢ ᠳᠠᠩᠰᠠᠯᠠᠬᠤ᠂ ᠢᠯᠡ ᠨᠡᠶᠢᠲᠡᠯᠡᠬᠦ ᠪᠠ ᠳᠠᠪᠲᠠᠨ ᠪᠠᠶᠢᠴᠠᠭᠠᠵᠤ ᠬᠢᠨᠠᠨ ᠬᠠᠷᠭᠤᠭᠤᠯᠬᠤ ᠠᠵᠢᠯ᠂ | ᠨᠥᠬᠦᠪᠦᠷᠢ ᠶᠢᠨ ᠪᠡᠯᠡ ᠮᠥᠩᠭᠦ ᠶᠢ ᠣᠯᠭᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠡᠯ᠎ᠡ ᠱᠠᠲᠤ | ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠰᠡᠳᠬᠢᠴᠡ ᠪᠠ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠣᠭᠲᠠᠭᠠᠯ ᠠᠴᠠ ᠵᠥᠷᠢᠴᠡᠬᠦ ᠦᠭᠡᠢ᠂ ᠲᠦᠯᠬᠢᠯᠴᠡᠬᠦ ᠦᠭᠡᠢ | ᠪᠠᠶᠢᠬᠤ ᠶᠢ ᠪᠡᠶᠡᠯᠡᠭᠦᠯᠵᠦ᠂ ᠰᠢᠨ᠎ᠡ ᠪᠠᠶᠢᠳᠠᠯ ᠳᠣᠣᠷ᠎ᠠ ᠡᠨᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ | ᠨᠥᠬᠦᠪᠦᠷᠢ ᠶᠢ ᠴᠠᠭ ᠲᠤᠬᠠᠢ ᠳᠤᠨᠢ᠂ ᠤᠨᠢᠨ ᠳᠡᠭᠡᠷ᠎ᠡ ᠨᠢ᠂ ᠥᠨᠳᠥᠷ ᠦᠷ᠎ᠡ ᠪᠦᠲᠦᠮᠵᠢᠲᠡᠢ ᠣᠯᠭᠤᠬᠤ ᠶᠢ ᠪᠠᠲᠤᠯᠠᠬᠤ | ᠬᠡᠷᠡᠭᠲᠡᠢ᠃ | ︵ᠬᠤᠶᠠᠷ︶ ᠳᠦᠷᠢᠮ ᠢ ᠪᠦᠷᠢᠨᠰᠢᠭᠦᠯᠵᠦ᠂ ᠲᠥᠷᠥᠯ ᠵᠦᠢᠯ ᠢ ᠢᠯᠡ ᠨᠡᠶᠢᠲᠡᠯᠡᠬᠦ ᠶᠢ ᠴᠢᠩᠭᠠᠷᠠᠭᠤᠯᠤᠨ᠎ᠠ᠃ | ᠲᠥᠷᠥᠯ ᠵᠦᠢᠯ ᠤᠨ ᠬᠠᠮᠢᠶᠠᠷᠤᠯᠲᠠ ᠪᠠ ᠪᠡᠯᠡ ᠮᠥᠩᠭᠦ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ | ᠶᠣᠰᠣᠭᠠᠷ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢᠨ ᠬᠠᠮᠢᠶᠠᠷᠤᠯᠲᠠ ᠶᠢᠨ | ᠠᠵᠢᠯ ᠢ ᠴᠢᠩᠭ᠎ᠠ ᠵᠢᠷᠤᠮᠵᠢᠭᠤᠯᠤᠨ᠎ᠠ᠃ ᠢᠯᠡ ᠲᠣᠳᠣ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠵᠠᠷᠯᠠᠨ ᠨᠡᠶᠢᠲᠡᠯᠡᠬᠦ | ᠳᠦᠷᠢᠮ ᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢ | ᠭᠠᠴᠠᠭᠠᠨ ᠤ ᠱᠠᠲᠤᠨ ᠳᠤ ᠵᠠᠷᠯᠠᠨ ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ ᠤᠯᠠᠨ ᠲᠦᠮᠡᠨ ᠤ ᠪᠠᠶᠢᠳᠠᠯ ᠢ ᠮᠡᠳᠡᠬᠦ | ᠡᠷᠬᠡ ᠶᠢ ᠪᠠᠲᠤᠯᠠᠬᠤ ᠬᠡᠷᠡᠭᠲᠡᠢ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠲᠠᠯᠠᠪᠠᠶ ᠶᠢ ᠪᠦᠷᠢᠳᠬᠡᠨ ᠬᠢᠨᠠᠨ | ᠲᠣᠭᠲᠠᠭᠠᠭᠰᠠᠨᠤ ᠳᠠᠷᠠᠭ᠎ᠠ᠂ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠢᠶᠠᠷ ᠨᠢᠭᠡᠴᠢ ᠪᠣᠯᠭᠠᠨ ᠵᠣᠬᠢᠶᠠᠨ | ᠪᠠᠶᠢᠭᠤᠯᠤᠨ ᠢᠯᠡ ᠨᠡᠶᠢᠲᠡᠯᠡᠵᠦ᠂ ᠳᠠᠷᠢᠬᠤ ᠲᠠᠷᠢᠶᠠᠴᠢᠨ ᠡᠷᠦᠬᠡ᠂ ᠳᠠᠷᠢᠬᠤ ᠲᠠᠯᠠᠪᠠᠶ ᠶᠢ ᠢᠯᠡ ᠨᠡᠶᠢᠲᠡᠯᠡᠨ᠎ᠡ᠃ | ᠡᠭᠦᠨ ᠤ ᠬᠠᠮᠲᠤ ᠡᠯ᠎ᠡ ᠱᠠᠲᠤᠨ ᠤ ᠬᠢᠨ ᠴᠥᠮ ᠢᠯᠡᠴᠢᠯᠡᠨ ᠮᠡᠳᠡᠭᠦᠯᠬᠦ ᠳ᠋ᠢᠶᠠᠩᠬᠤᠸᠠ ᠭᠠᠷᠭᠠᠬᠤ ᠶᠢᠨ ᠬᠠᠮᠲᠤ | ᠲᠤᠬᠠᠢ ᠶᠢᠨ ᠭᠠᠵᠠᠷ ᠤᠨ ᠵᠠᠭᠤᠴᠢᠯᠠᠭᠤᠷ ᠲᠤ ᠨᠡᠶᠢᠲᠡᠯᠡᠵᠦ᠂ ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ᠃ | | ︵ᠭᠤᠷᠪᠠ︶ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠨᠥᠬᠦᠪᠦᠷᠢ ᠶᠢ | ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ | ᠨᠥᠬᠦᠪᠦᠷᠢ ᠶᠢᠨ ᠲᠥᠷᠥᠯ ᠵᠦᠢᠯ ᠤᠨ ᠪᠡᠯᠡ ᠮᠥᠩᠭᠦ ᠶᠢ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠵᠦ᠂ | ᠤᠯᠤᠰ ᠤᠨ ᠲᠣᠭᠲᠠᠭᠠᠯ ᠶᠣᠰᠣᠭᠠᠷ ᠦᠨᠡᠨ ᠬᠦ ᠴᠢᠩᠭ᠎ᠠ ᠬᠡᠷᠡᠭᠯᠡᠬᠦ ᠬᠡᠷᠡᠭᠲᠡᠢ᠃ ᠶᠠᠮᠠᠷᠪᠠ ᠭᠠᠵᠠᠷ ᠣᠷᠣᠨ᠂ ᠨᠢᠭᠡᠴᠡ | ᠪᠠ ᠬᠤᠪᠢ ᠬᠥᠮᠥᠨ ᠴᠥᠮ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠶᠢᠨ | ᠲᠠᠯᠠᠪᠠᠶ ᠶᠢ ᠬᠤᠳᠠᠯ ᠢᠶᠠᠷ ᠮᠡᠳᠡᠭᠦᠯᠵᠦ ᠪᠣᠯᠬᠤ ᠦᠭᠡᠢ᠂ ᠨᠥᠬᠦᠪᠦᠷᠢ ᠶᠢᠨ ᠬᠡᠪᠴᠢᠶᠡᠨ ᠠᠴᠠ ᠭᠠᠳᠠᠨᠠᠬᠢ ᠲᠠᠷᠢᠮᠠᠯ ᠢᠶᠠᠷ | ᠨᠥᠬᠦᠪᠦᠷᠢ ᠶᠢᠨ ᠪᠡᠯᠡ ᠮᠥᠩᠭᠦ ᠶᠢ ᠤᠬᠠᠭᠠᠯᠠᠨ ᠠᠪᠴᠤ ᠪᠣᠯᠬᠤ ᠦᠭᠡᠢ᠂ ᠨᠥᠬᠦᠪᠦᠷᠢ ᠶᠢᠨ ᠪᠡᠯᠡ ᠮᠥᠩᠭᠦ ᠶᠢ ᠰᠢᠬᠠᠨ | ᠡᠵᠡᠯᠡᠬᠦ ᠪᠠ ᠨᠡᠭᠦᠯᠭᠡᠨ ᠬᠡᠷᠡᠭᠯᠡᠵᠦ ᠪᠣᠯᠬᠤ ᠦᠭᠡᠢ᠂ ᠪᠡᠯᠡ ᠮᠥᠩᠭᠦ ᠶᠢᠨ ᠲᠤᠭ᠎ᠠ ᠶᠢ ᠪᠣᠳᠠᠲᠠᠶᠢᠵᠢᠭᠤᠯᠬᠤ ᠶᠢ | ᠪᠠᠲᠤᠯᠠᠬᠤ ᠬᠡᠷᠡᠭᠲᠡᠢ᠃ | ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠵᠤ᠂ ᠠᠵᠢᠯᠯᠠᠬᠤ ᠲᠠᠰ ᠳᠠᠷᠠᠭᠠᠯᠠᠯ ᠢ | ᠵᠢᠷᠤᠮᠵᠢᠭᠤᠯᠤᠨ᠎ᠠ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠩ ᠰᠢᠩ ᠵᠢᠶᠠᠨ ᠭᠦᠸᠧ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ | ᠡᠯ᠎ᠡ ᠣᠶ ᠰᠢᠭᠤᠢ ᠶᠢᠨ ᠲᠠᠯᠠᠪᠠᠶ ᠶᠢᠨ ᠤᠰᠤᠨ ᠴᠥᠭᠦᠷᠥᠮ ᠤᠳ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ | ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠪᠠ ᠲᠤᠬᠠᠢ ᠶᠢᠨ ᠭᠠᠵᠠᠷ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ᠂ ᠲᠠᠯᠠᠪᠠᠶ ᠶᠢ ᠬᠢᠨᠠᠨ ᠬᠠᠷᠭᠤᠭᠤᠯᠬᠤ᠂ ᠨᠥᠬᠦᠪᠦᠷᠢ ᠶᠢᠨ ᠪᠡᠯᠡ ᠮᠥᠩᠭᠦ ᠣᠯᠭᠤᠬᠤ | ᠶᠠᠪᠤᠴᠠ ᠳᠤ ᠢᠯᠡ᠂ ᠲᠥᠪ ᠭᠤᠥᠯᠴᠢ᠂ ᠡᠷᠬᠡ ᠲᠡᠭᠰᠢ᠂ ᠢᠯᠡ ᠲᠣᠳᠣ ᠪᠠ ᠰᠢᠨᠵᠢᠯᠡᠬᠦ ᠤᠬᠠᠭᠠᠨᠴᠢ ᠵᠦᠢ | ᠵᠣᠬᠢᠰᠲᠠᠢ᠂ ᠳᠥᠭᠦᠮ ᠬᠢᠯᠪᠠᠷ ᠬᠡᠷᠡᠭᠵᠢᠭᠦᠯᠬᠦ ᠵᠠᠷᠴᠢᠮ ᠢ ᠪᠠᠷᠢᠮᠲᠠᠯᠠᠵᠤ᠂ ᠨᠠᠷᠢᠨ ᠲᠣᠳᠣᠷᠬᠠᠢ ᠬᠡᠷᠡᠭᠵᠢᠭᠦᠯᠬᠦ | ᠠᠷᠭ᠎ᠠ ᠶᠢ ᠲᠣᠭᠲᠠᠭᠠᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠶᠢᠨ | ᠵᠠᠩᠭᠢᠯᠠᠭ᠎ᠠ ᠨᠢ ᠭᠠᠴᠠᠭᠠᠨ ᠤ ᠠᠷᠠᠳ ︵ᠠᠵᠢᠯᠲᠠᠨ ᠠᠵᠢᠯᠴᠢᠨ︶ ᠤᠨ ᠥᠪᠡᠷ ᠢ ᠪᠠᠨ ᠬᠢᠵᠠᠭᠠᠷᠯᠠᠬᠤ᠂ ᠬᠠᠷᠢᠯᠴᠠᠨ | ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠᠯ ᠢᠶᠠᠷ ᠮᠡᠳᠡᠭᠦᠯᠬᠦ᠂ ᠢᠯᠡᠭᠦᠦ ᠮᠡᠳᠡᠭᠦᠯᠬᠦ᠂ | ᠬᠠᠭᠤᠷᠮᠠᠭᠯᠠᠨ ᠠᠪᠬᠤ ᠦᠵᠡᠭᠳᠡᠯ ᠭᠠᠷᠬᠤ ᠶᠢ ᠲᠠᠰᠤ ᠵᠣᠭᠰᠤᠭᠠᠬᠤ ᠶᠠᠪᠤᠳᠠᠯ ᠪᠣᠯᠣᠨ᠎ᠠ᠃ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠩ ᠰᠢᠩ ᠵᠢᠶᠠᠨ ᠭᠦᠸᠧ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠡᠯ᠎ᠡ ᠣᠶ ᠰᠢᠭᠤᠢ ᠶᠢᠨ | ᠲᠠᠯᠠᠪᠠᠶ ᠶᠢᠨ ᠤᠰᠤᠨ ᠴᠥᠭᠦᠷᠥᠮ ᠤᠳ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠪᠦᠲᠦᠮᠵᠢᠲᠡᠶ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥᠯ ᠵᠦᠢᠯ ᠳᠤ ᠪᠠᠶᠢᠴᠠᠭᠠᠯᠲᠠ ᠬᠢᠵᠦ ᠬᠢᠨᠠᠯᠲᠠ ᠲᠠᠯᠪᠢᠬᠤ ᠬᠡᠷᠡᠭᠲᠡᠢ᠃ | | | | |