2022 ᠣᠨ ᠠᠴᠠ ᠨᠠᠰᠢ᠂ ᠬᠤᠷᠴᠢᠨ ᠲᠣᠭᠤᠷᠢᠭ ᠤᠨ ᠬᠢᠨ ︽ᠵᠣᠷᠯᠣᠩ ᠤᠨ ᠬᠤᠪᠢᠰᠬᠠᠯ︾ ᠪᠣᠯᠣᠨ | ᠬᠥᠳᠡᠭᠡ ᠲᠣᠰᠬᠤᠨ ᠤ ᠬᠤᠭ ᠨᠣᠪᠰᠢ ᠶᠢ ᠰᠢᠢᠳᠪᠦᠷᠢᠯᠡᠬᠦ ᠠᠵᠢᠯ ᠢ ᠲᠦᠷᠭᠡᠳᠬᠡᠨ ᠠᠬᠢᠭᠤᠯᠵᠤ᠂ ᠪᠠᠶᠢᠴᠠᠭᠠᠨ | ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠲᠣᠭᠲᠠᠭᠠᠵᠤ᠂ 9 ᠰᠤᠮᠤ ᠪᠠᠯᠭᠠᠰᠤ ᠳᠤ ᠠᠮᠢᠳᠤᠷᠠᠯ ᠤᠨ ᠬᠤᠭ ᠨᠣᠪᠰᠢ ᠶᠢ ᠳᠣᠣᠷ᠎ᠠ ᠳᠤᠯᠠᠭᠠᠨ ᠳᠤ | ᠬᠦᠳᠡᠷᠵᠢᠭᠦᠯᠦᠨ ᠰᠢᠢᠳᠪᠦᠷᠢᠯᠡᠬᠦ ᠥᠷᠲᠡᠭᠡ ᠶᠢ 1 ᠪᠠᠶᠢᠭᠤᠯᠵᠤ᠂ ᠡᠳᠦᠷ ᠲᠤ 6 ᠪᠣᠰᠤᠭ᠎ᠠ ᠳᠥᠷᠪᠡᠯᠵᠢᠨ ᠮᠧᠲᠷ | ᠰᠢᠢᠳᠪᠦᠷᠢᠯᠡᠵᠦ᠂ ᠬᠤᠷᠴᠢᠨ ᠲᠣᠭᠤᠷᠢᠭ ᠤᠨ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ | ᠠᠰᠢᠭᠯᠠᠬᠤ ᠲᠤᠷᠰᠢᠯᠲᠠ ᠶᠢᠨ ᠰᠢᠶᠠᠨ ᠤ ᠲᠥᠷᠥᠯ ᠵᠦᠢᠯ ᠢ ᠬᠡᠷᠡᠭᠵᠢᠭᠦᠯᠦᠨ᠂ ᠬᠤᠷᠴᠢᠨ ᠲᠣᠭᠤᠷᠢᠭ ᠤᠨ 2 ᠲᠣᠮᠣ | ᠬᠡᠯᠪᠡᠷᠢ ᠶᠢᠨ ᠲᠡᠵᠢᠭᠡᠨ ᠦᠷᠡᠵᠢᠭᠦᠯᠬᠦ ᠲᠠᠯᠠᠪᠠᠶ᠂ 3 ᠪᠠᠭᠠᠰᠤᠨ ᠪᠣᠬᠢᠷᠲᠤᠯ ᠢ ᠰᠢᠢᠳᠪᠦᠷᠢᠯᠡᠬᠦ ᠲᠥᠪ ᠵᠡᠷᠭᠡ 60 | ᠨᠢᠭᠡᠴᠡ ᠶᠢᠨ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠪᠠ | ᠪᠦᠲᠦᠭᠡᠨ ᠪᠠᠶᠢᠭᠤᠯᠬᠤ ᠶᠢ ᠪᠡᠶᠡᠯᠡᠭᠦᠯᠦᠨ᠎ᠡ᠃ | |