2022 ᠣᠨ ᠠᠴᠠ ᠨᠠᠰᠢ᠂ ᠬᠤᠷᠴᠢᠨ ᠲᠣᠭᠤᠷᠢᠭ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠠᠭᠪᠤᠷ ᠢ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ ᠵᠢᠷᠮᠦᠰᠦᠨ | ᠬᠠᠮᠲᠤᠯᠢᠭ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ | ᠵᠢᠷᠮᠦᠰᠦᠨ ᠴᠣᠩᠬᠤ ᠶᠢ ᠬᠠᠯᠠᠭᠤᠨ ᠢᠶᠠᠷ ᠲᠤᠬᠢᠷᠠᠭᠤᠯᠤᠨ᠂ ︽ᠰᠠᠭᠠᠳ ᠬᠠᠷᠰᠢ ᠦᠭᠡᠢ ᠲᠦᠷᠭᠡᠨ ᠵᠠᠮ︾ ᠭᠠᠷᠭᠠᠵᠤ᠂ | ᠣᠨᠴᠠᠭᠠᠶ ᠬᠠᠮᠲᠤᠯᠢᠭ ᠤᠨ ᠣᠯᠠᠨ ᠡᠰᠢᠵᠢᠭᠰᠡᠨ᠂ ᠥᠪᠡᠷᠮᠢᠴᠡ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ᠡᠭᠦᠨ ᠤ | ᠬᠠᠮᠲᠤ᠂ ᠰᠢᠯᠢᠳᠡᠭ ᠰᠠᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ | ᠪᠣᠯᠭᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ | ᠴᠢᠭᠯᠡᠭᠦᠯᠦᠨ ︽ᠲᠠᠨ ᠢ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠥᠷᠨᠢᠭᠦᠯᠵᠦ᠂ ᠲᠥᠷᠥᠯ ᠵᠦᠢᠯ ᠢ | ᠲᠣᠭᠲᠠᠭᠠᠬᠤ ᠠᠴᠠ ᠠᠪᠤᠭᠠᠳ ᠠᠵᠢᠯ ᠳᠠᠭᠤᠰᠬᠠᠬᠤ ᠪᠣᠯᠲᠠᠯ᠎ᠠ᠂ ᠲᠤᠰᠬᠠᠢ ᠬᠥᠮᠥᠨ ᠲᠣᠬᠢᠷᠠᠭᠤᠯᠤᠨ ᠠᠵᠤ | ᠠᠬᠤᠶᠢᠯᠠᠯ ᠳᠤ ᠰᠦᠢᠳᠬᠡᠯ ᠬᠤᠷᠢᠶᠠᠬᠤ ᠦᠭᠡᠢ ᠪᠠᠷ ᠠᠰᠠᠭᠤᠨ ᠯᠠᠪᠯᠠᠬᠤ᠂ ᠬᠠᠮᠵᠢᠯᠴᠠᠨ ᠭᠦᠢᠴᠡᠳᠬᠡᠬᠦ ᠵᠡᠷᠭᠡ | ᠲᠥᠯᠥᠪᠦᠷᠢ ᠦᠭᠡᠢ ᠦᠢᠯᠡᠴᠢᠯᠡᠭᠡ ᠬᠠᠩᠭᠠᠵᠤ᠂ ᠬᠢᠨᠠᠨ ᠵᠥᠪᠰᠢᠶᠡᠷᠡᠬᠦ ᠶᠠᠪᠤᠴᠠ ᠶᠢ ︽ᠠᠵᠤ ᠠᠬᠤᠶᠢᠯᠠᠯ ᠤᠨ | ᠭᠦᠶᠦᠯᠲᠡ︾ ᠠᠴᠠ ︽ᠵᠠᠰᠠᠭ ᠤᠨ ᠣᠷᠳᠣᠨ ᠤ ᠭᠦᠶᠦᠯᠲᠡ︾ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ | ᠃ | | |