ᠬᠤᠷᠴᠢᠨ ᠲᠣᠭᠤᠷᠢᠭ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2023/6/14
    ᠡᠨᠡ ᠵᠢᠯ᠂ ᠬᠤᠷᠴᠢᠨ ᠲᠣᠭᠤᠷᠢᠭ ᠤᠨ ᠬᠢᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠠᠩ ᠣᠯᠠᠨ ᠠᠷᠭ᠎ᠠ ᠬᠡᠮᠵᠢᠶ᠎ᠡ ᠶᠢ ᠢᠳᠡᠪᠬᠢᠲᠡᠢ  ᠬᠡᠷᠡᠭᠵᠢᠭᠦᠯᠦᠨ᠂ ᠠᠷᠠᠳ ᠣᠯᠠᠨ ᠤ ᠪᠠᠴᠢᠮ ᠪᠡᠷᠬᠡ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠨ᠎ᠠ᠃ ᠬᠤᠷᠴᠢᠨ ᠲᠣᠭᠤᠷᠢᠭ ᠤᠨ ᠬᠢᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠦᠨ᠎ᠡ᠃ ᠡᠭᠦᠨ ᠤ ᠬᠠᠮᠲᠤ᠂ ᠬᠦᠨᠳᠦ ᠶᠡᠭᠡ ᠠᠶᠤᠯ ᠲᠦᠭᠰᠢᠭᠦᠷᠢ ᠶᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号