6 ᠳ᠋ᠤᠭᠠᠷ ᠰᠠᠷ᠎ᠠ ᠶᠢᠨ 14 ᠤ ᠡᠳᠦᠷ᠂ ᠬᠤᠷᠴᠢᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠨᠢ | ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠣᠭᠤᠷᠢᠭ ᠤᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠲᠦᠩᠯᠢᠶᠣᠣ ᠶᠢᠨ ᠸᠠᠨ ᠬᠤᠸᠠ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠪᠥᠬᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ | ᠵᠣᠬᠢᠶᠠᠨ ᠪᠠᠶᠢᠭᠤᠯᠤᠨ ᠲᠤᠯᠤᠭᠠᠨ ᠰᠠᠷ᠎ᠠ ᠶᠢᠨ ᠨᠢᠭᠡᠨ ᠤ ︽ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠨᠠᠮ ᠢᠶᠠᠨ | ᠳᠠᠭᠠᠵᠤ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠮᠡᠳᠡᠯᠭᠡ ᠶᠢᠨ ᠤᠷᠤᠯᠳᠤᠭᠠᠨ ᠡᠷᠭᠢᠯᠡᠪᠡ᠃ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠢ ᡁᠢ ᠵᠢᠶᠦ᠋ᠨ᠂ ᠲᠣᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠰᠢᠶᠣᠣ ᠾᠦᠢ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠴᠧᠩ᠂ ᠢᠦᠢ ᠶᠠᠨ ᠴᠦᠨ᠂ ᠳ᠋ᠦᠩ | ᠯᠢ ᠭᠠᠩ᠂ ᠵᠧᠦ ᠯᠢ ᠠᠵᠢᠯᠯᠠᠭ᠎ᠠ ᠳᠤ ᠣᠷᠣᠯᠴᠠᠪᠠ᠃ |