ᠡᠨᠡ ᠵᠢᠯ᠂ ᠬᠤᠷᠴᠢᠨ ᠲᠣᠭᠤᠷᠢᠭ ᠤᠨ ᠬᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠤ᠂ ᠠᠮᠤᠷ | ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠦᠷᠭᠦᠯᠵᠢᠯᠡᠨ ᠪᠠᠶᠢᠷᠢᠯᠠᠭᠤᠯᠤᠨ | ᠥᠷᠨᠢᠭᠦᠯᠵᠦ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠪᠠᠶᠢᠷᠢ ᠳᠤ | ᠲᠣᠣᠷ ᠲᠠᠲᠠᠬᠤ ᠬᠡᠯᠪᠡᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠠᠶᠤᠯ ᠦᠭᠡᠢ ᠦᠢᠯᠡᠳᠪᠦᠷᠢᠯᠡᠯ ᠤᠨ ︽ | ᠰᠡᠷᠭᠡᠶᠢᠯᠡᠯᠲᠡ ᠶᠢᠨ ᠱᠤᠭᠤᠮ︾ ᠢ ᠪᠠᠬᠢᠵᠢᠭᠦᠯᠪᠡ︔ ᠰᠢᠷᠦᠭᠦᠨ ᠪᠣᠷᠣᠭᠠᠨ᠂ ᠶᠡᠭᠡ ᠰᠠᠯᠬᠢ ᠵᠡᠷᠭᠡ ᠣᠨᠴᠠᠭᠠᠶ ᠴᠠᠭ | ᠠᠭᠤᠷ ᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠪᠡ᠃ ᠡᠭᠦᠨ ᠤ ᠬᠠᠮᠲᠤ᠂ ᠵᠠᠰᠠᠮᠠᠯ ᠵᠠᠮ ᠤᠨ ᠲᠥᠬᠦᠭᠡᠷᠦᠮᠵᠢ ᠶᠢ | ᠰᠡᠯᠪᠢᠨ ᠵᠠᠰᠠᠬᠤ ᠵᠢᠴᠢ ᠨᠠᠷᠢᠯᠢᠭᠵᠢᠭᠤᠯᠤᠨ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠠᠮᠤᠷ ᠲᠦᠪᠰᠢᠨ ᠤ ᠭᠡᠮ ᠰᠣᠭᠤᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠪᠡ᠃ | |