ᠡᠨᠡ ᠵᠢᠯ᠂ ᠬᠤᠷᠴᠢᠨ ᠲᠣᠭᠤᠷᠢᠭ ᠤᠨ ᠬᠢᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠨ᠎ᠡ ᠠᠷᠭ᠎ᠠ | ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ᠂ 22 ᠰᠢᠨ᠎ᠡ ᠠᠳᠠᠯ ᠦᠢᠯᠡᠰ ᠴᠣᠭᠴᠠᠯᠠᠬᠤ ᠲᠦᠷᠦᠯ ᠵᠦᠢᠯ ᠢ ᠶᠡᠬᠡᠪᠡᠷ | ᠪᠣᠶᠢᠵᠢᠭᠤᠯᠬᠤ ᠶᠢᠨ ᠬᠠᠮᠲᠤ ᠭᠤᠣᠯᠳᠠᠯᠭ᠎ᠠ ᠲᠠᠢ ᠬᠠᠮᠲᠤᠯᠢᠭ ᠤᠨ ᠠᠳᠠᠯ ᠦᠢᠯᠡᠰ ᠴᠣᠭᠴᠠᠯᠠᠬᠤ ᠶᠢ ᠠᠬᠢᠭᠤᠯᠬᠤ | ᠠᠵᠢᠯᠯᠠᠭ᠎ᠠ ᠶᠢ ᠬᠦᠴᠦᠯᠡᠨ ᠵᠣᠬᠢᠶᠠᠨ ᠪᠠᠶᠢᠭᠤᠯᠤᠨ ᠭᠦᠨᠵᠡᠭᠡᠢ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ | ᠲᠤᠷᠰᠢᠯᠭ᠎ᠠ ᠪᠠᠨ ᠰᠣᠯᠢᠯᠴᠠᠵᠤ ᠬᠤᠪᠢᠶᠠᠨ ᠡᠳ᠋ᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠷᠢᠳ ᠬᠤᠵᠢᠳ | 4000 ᠲᠦᠮᠡᠨ ᠲᠥᠭᠦᠷᠢᠭ ᠠᠴᠠ ᠳᠡᠭᠡᠭᠰᠢ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠶᠢ ᠲᠠᠯᠪᠢᠪᠠ᠃ | ᠡᠭᠦᠨ ᠤ ᠬᠠᠮᠲᠤ᠂ ᠠᠮᠢᠳᠤᠯᠢᠭ ᠠᠵᠢᠯ ᠣᠯᠭᠤᠯᠲᠠ ᠶᠢᠨ ᠳᠡᠮᠵᠢᠯᠭᠡ ᠶᠢ ᠴᠢᠩᠭᠠᠳᠬᠠᠵᠤ᠂ ᠡᠳᠦᠷ ᠤᠨ ᠬᠦᠴᠦᠨ ᠤ | ᠵᠠᠬ᠎ᠠ ᠳᠡᠯᠭᠡᠭᠦᠷ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ | ᠠᠵᠢᠯ ᠤᠨ ᠪᠠᠶᠢᠷᠢ ᠶᠢ ᠴᠤᠭᠯᠠᠭᠤᠯᠬᠤ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ ᠠᠵᠢᠯᠴᠢᠨ ᠢ ᠠᠵᠢᠯ ᠤᠨ | ᠪᠠᠶᠢᠷᠢ ᠳᠤ ᠭᠠᠷᠭᠠᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠳᠠᠯ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ ᠠᠵᠤ ᠠᠬᠤᠶᠢᠯᠠᠯ ᠳᠤ ᠠᠵᠢᠯ ᠤᠨ | ᠪᠠᠶᠢᠷᠢ ᠶᠢ ᠥᠷᠭᠡᠳᠬᠡᠨ ᠤᠷᠮᠠᠰᠢᠭᠤᠯᠵᠤ᠂ ᠠᠳᠠᠯ ᠦᠢᠯᠡᠰ ᠴᠣᠭᠴᠠᠯᠠᠬᠤ ᠠᠵᠢᠯ ᠣᠯᠭᠤᠬᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ |