ᠥᠰᠥᠭ ᠪᠢᠴᠢᠭ ᠤᠨ ᠲᠠᠶᠢᠯᠤᠮᠵᠢ᠄ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠥᠳᠡᠯᠦᠩᠭᠦᠢ ᠲᠣᠬᠢᠷᠠᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ  ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/6/25
ᠨᠡᠶᠢᠲᠡᠯᠡᠭᠰᠡᠨ ᠠᠬᠤᠢ ᠪᠠᠶᠢᠳᠠᠯ      ᠬᠤᠷᠴᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠣᠨᠣᠪᠴᠢᠲᠤ ᠴᠢᠨᠠᠷ᠂ ᠡᠷᠬᠡ ᠰᠦᠷᠲᠦ ᠴᠢᠨᠠᠷ᠂ ᠴᠠᠭ ᠲᠤᠬᠠᠶᠢᠴᠢ ᠴᠢᠨᠠᠷ ᠪᠠ ᠨᠠᠶᠢᠳᠠᠪᠤᠷᠢᠲᠤ ᠴᠢᠨᠠᠷ ᠢ ᠪᠦᠬᠦ ᠲᠠᠯ᠎ᠠ  ᠪᠠᠷ ᠳᠡᠭᠡᠭᠰᠢᠯᠡᠭᠦᠯᠬᠦ ᠶᠢᠨ ᠲᠥᠯᠥᠭᠡ᠂ ᠬᠡᠷᠡᠭ ᠶᠠᠪᠤᠳᠠᠯ ᠢ ᠬᠡᠷᠡᠭᠵᠢᠭᠦᠯᠬᠦ ᠨᠠᠷᠢᠨ ᠳᠠᠩᠰᠠ ᠪᠠ ᠴᠢᠬᠤᠯᠠ ᠬᠦᠴᠦᠨ ᠵᠦᠢᠯ ᠤᠨ ᠠᠭᠤᠯᠭ᠎ᠠ ᠶᠢ ᠴᠠᠭ ᠲᠤᠬᠠᠢ ᠳᠤᠨᠢ ᠨᠠᠶᠢᠷᠠᠭᠤᠯᠤᠨ ᠲᠡᠭᠦᠯᠳᠡᠷᠵᠢᠭᠦᠯᠵᠦ᠂ ᠬᠥᠳᠡᠯᠦᠩᠭᠦᠢ ᠪᠠᠷ ᠲᠣᠬᠢᠷᠠᠭᠤᠯᠬᠤ᠂ ᠰᠢᠯᠢᠳᠡᠭᠵᠢᠭᠦᠯᠦᠨ ᠰᠢᠨᠡᠳᠬᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ  ᠶᠢ ᠪᠠᠶᠢᠭᠤᠯᠵᠤ᠂ ᠬᠤᠷᠴᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠬᠢᠷᠢ ᠬᠡᠮᠵᠢᠶ᠎ᠡ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠷᠭ᠎ᠠ︾᠂ ︽ᠲᠦᠩᠯᠢᠶᠣᠣ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠥᠳᠡᠯᠦᠩᠭᠦᠢ ᠪᠠᠷ ᠲᠣᠬᠢᠷᠠᠭᠤᠯᠬᠤ ᠬᠠᠮᠢᠶᠠᠷᠤᠯᠲᠠ ᠶᠢᠨ ᠠᠷᠭ᠎ᠠ︾ ᠪᠠᠷ ᠲᠣᠯᠢ ᠪᠣᠯᠭᠠᠵᠤ᠂ ᠪᠣᠳᠠᠲᠠᠢ ᠲᠠᠢ ᠪᠠᠨ ᠤᠶᠠᠯᠳᠤᠭᠤᠯᠤᠨ᠂ ︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠥᠳᠡᠯᠦᠩᠭᠦᠢ ᠪᠠᠷ ᠲᠣᠬᠢᠷᠠᠭᠤᠯᠬᠤ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ᠎ᠠ᠃ ᠬᠥᠳᠡᠯᠦᠩᠭᠦᠢ ᠲᠣᠬᠢᠷᠠᠭᠤᠯᠭ᠎ᠠ      1. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠨᠡᠶᠢᠲᠡᠯᠡᠨ ᠬᠡᠷᠡᠭᠵᠢᠭᠦᠯᠵᠤ᠂ ᠬᠡᠷᠡᠭᠵᠢᠭᠦᠯᠬᠦ ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠤᠷ᠎ᠠ ᠪᠠᠷ ᠢᠶᠠᠨ ᠨᠡᠮᠡᠭᠳᠡᠭᠦᠯᠵᠦ ᠪᠣᠯᠬᠤ ᠦᠭᠡᠢ᠂ ᠬᠤᠪᠢ ᠪᠠᠷ ᠢᠶᠠᠨ ᠵᠥᠪᠰᠢᠶᠡᠷᠡᠯ ᠭᠠᠷᠭᠠᠬᠤ᠂ ᠬᠡᠯᠪᠡᠷᠢ ᠶᠢ ᠨᠢ ᠥᠭᠡᠷᠡᠲᠦᠭᠦᠯᠦᠨ ᠬᠢᠨᠠᠨ ᠵᠥᠪᠰᠢᠶᠡᠷᠡᠬᠦ ᠵᠡᠷᠭᠡ ᠦᠶᠯᠡ ᠠᠵᠢᠯᠯᠠᠭ᠎ᠠ ᠡᠭᠦᠰᠬᠦ ᠶᠢ ᠴᠢᠩᠭ᠎ᠠ ᠴᠠᠭᠠᠵᠠᠯᠠᠨ᠎ᠠ᠃ ᠬᠡᠷᠡᠭᠵᠢᠭᠦᠯᠬᠦ ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠬᠦ ᠨᠠᠷᠢᠨ ᠬᠠᠭᠤᠳᠠᠰᠤ ᠶᠢᠨ ᠪᠠᠷᠢᠮᠵᠢᠶᠠᠵᠢᠭᠤᠯᠤᠭᠰᠠᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠲᠣᠭᠲᠠᠭᠠᠬᠤ ᠶᠢᠨ ᠬᠠᠮᠲᠤ᠂ ᠬᠤᠷᠴᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠬᠡᠬᠦ ᠶᠡᠭᠡ ᠲᠢᠩᠬᠢᠮ ᠳᠤ ᠨᠢᠭᠡᠳᠦᠯᠲᠡᠢ ᠳᠡᠯᠭᠡᠨ ᠲᠠᠯᠪᠢᠨ᠎ᠠ      2. ᠬᠡᠷᠡᠭᠵᠢᠭᠦᠯᠬᠦ ᠪᠠᠶᠢᠭᠤᠯᠤᠮᠵᠢ ᠨᠢ ᠲᠤᠬᠠᠶᠢᠯᠠᠭᠰᠠᠨ ᠠᠵᠢᠯ ᠤᠨ ᠬᠤᠪᠢᠷᠠᠯᠲᠠ ᠪᠠ ᠬᠡᠷᠡᠭᠵᠢᠭᠦᠯᠦᠭᠰᠡᠨ ᠪᠠᠶᠢᠳᠠᠯ   ᠠᠴᠠ ᠪᠣᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠲᠣᠬᠢᠷᠠᠭᠤᠯᠤᠯᠲᠠ ᠬᠢᠬᠦ ᠪᠤᠶᠤ ᠬᠤᠪᠢᠷᠠᠭᠤᠯᠬᠤ ᠴᠢᠬᠤᠯᠠ ᠲᠠᠢ ᠪᠣᠯ᠂ ᠬᠤᠷᠴᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠬᠢᠨᠠᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠢᠭᠡᠳᠦᠯᠲᠦ ᠴᠢᠨᠠᠷ᠂ ᠣᠨᠣᠪᠴᠢᠲᠤ ᠴᠢᠨᠠᠷ ᠢ ᠦᠨᠡᠨᠬᠦ ᠪᠠᠲᠤᠯᠠᠨ᠎ᠠ᠃      3. ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ᠂ ︽ᠢᠨᠲ᠋ᠧᠷ ᠰᠦᠯᠵᠢᠶ᠎ᠡ ᠶᠢᠨ ᠬᠢᠨᠠᠯᠲᠠ ᠬᠠᠮᠢᠶᠠᠷᠤᠯᠲᠠ︾ ᠶᠢᠨ ᠵᠦᠢᠯᠡᠰ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠤᠨ ᠲᠦᠷᠦᠭᠦᠯᠡᠬᠦ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠠᠢ ᠬᠠᠷᠢᠴᠠᠭᠤᠯᠤᠨ ᠴᠠᠭ ᠲᠤᠬᠠᠢ ᠳᠤᠨᠢ ᠬᠥᠳᠡᠯᠦᠩᠭᠦᠢ ᠲᠣᠬᠢᠷᠠᠭᠤᠯᠤᠯᠲᠠ ᠬᠢᠵᠦ᠂ ᠠᠳᠠᠯᠢ ᠨᠢᠭᠡᠨ ᠵᠦᠢᠯᠡᠰ ᠬᠢᠭᠡᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠦᠴᠦᠨ ᠵᠦᠢᠯ ᠤᠨ ᠠᠭᠤᠯᠭ᠎ᠠ ᠶᠢᠨ ᠨᠢᠭᠡᠳᠦᠯᠲᠡᠢ ᠪᠠᠶᠢᠬᠤ ᠶᠢ ᠦᠨᠡᠨᠬᠦ ᠪᠠᠲᠤᠯᠠᠨ᠎ᠠ᠃      4. ᠬᠡᠷᠡᠭᠵᠢᠭᠦᠯᠬᠦ ᠪᠠᠶᠢᠭᠤᠯᠤᠮᠵᠢ ᠨᠢ ᠲᠤᠬᠠᠶᠢᠯᠠᠭᠰᠠᠨ ᠠᠵᠢᠯ ᠤᠨ ᠬᠤᠪᠢᠷᠠᠯᠲᠠ ᠪᠠ ᠬᠡᠷᠡᠭᠵᠢᠭᠦᠯᠵᠦ ᠪᠠᠶᠢᠭ᠎ᠠ ᠪᠠᠶᠢᠳᠠᠯ ᠠᠴᠠ ᠪᠣᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠬᠦ ᠨᠠᠷᠢᠨ ᠬᠠᠭᠤᠳᠠᠰᠤ ᠶᠢ ᠲᠣᠬᠢᠷᠠᠭᠤᠯᠬᠤ ᠪᠤᠶᠤ ᠬᠤᠪᠢᠷᠠᠭᠤᠯᠬᠤ ᠴᠢᠬᠤᠯᠠ ᠲᠠᠢ ᠪᠣᠯ᠂ ᠬᠡᠷᠡᠭ ᠭᠦᠢᠴᠡᠳᠬᠡᠬᠦ ᠮᠠᠲ᠋ᠧᠷᠢᠶᠠᠯ ᠢ ᠳᠥᠭᠦᠮᠴᠢᠯᠡᠵᠦ᠂ ᠭᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠦᠨᠡᠨᠬᠦ ᠰᠢᠯᠢᠳᠡᠭᠵᠢᠭᠦᠯᠬᠦ ᠶᠢᠨ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠢᠨᠠᠨ ᠬᠠᠷᠭᠤᠭᠤᠯᠬᠤ ᠴᠤᠪᠤᠷᠠᠯ ᠤᠨ ᠶᠣᠰᠣᠭᠠᠷ ᠬᠤᠷᠴᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠬᠠᠷᠭᠤᠭᠤᠯᠵᠤ᠂ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ ᠳᠤ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠰᠦᠯᠵᠢᠶᠡᠨ ᠳᠡᠭᠡᠷ᠎ᠡ ᠰᠢᠮᠳᠠᠭᠤᠯᠤᠨ ᠪᠠᠶᠢᠴᠠᠭᠠᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠬᠤ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠪᠠ ᠬᠡᠷᠡᠭᠵᠢᠭᠦᠯᠬᠦ ᠨᠠᠷᠢᠨ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠬᠤ᠂ ᠰᠢᠯᠢᠳᠡᠭᠵᠢᠭᠦᠯᠦᠨ ᠰᠢᠨᠡᠳᠬᠡᠬᠦ ᠠᠵᠢᠯ ᠢ ᠰᠢᠮᠳᠠᠭᠤᠯᠤᠨ ᠪᠠᠶᠢᠴᠠᠭᠠᠵᠤ ᠨᠡᠪᠲᠡᠷᠡᠭᠦᠯᠦᠨ᠎ᠡ᠃ ᠬᠡᠷᠡᠭᠵᠢᠭᠦᠯᠬᠦ ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠦᠴᠦᠨ ᠵᠦᠢᠯ ᠤᠨ ᠠᠭᠤᠯᠭ᠎ᠠ ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠪᠠ ᠰᠢᠯᠢᠳᠡᠭᠵᠢᠭᠦᠯᠦᠨ ᠰᠢᠨᠡᠳᠬᠡᠬᠦ ᠠᠵᠢᠯ ᠢ ᠴᠠᠭ ᠲᠤᠬᠠᠢ ᠳᠤᠨᠢ ᠬᠢᠭᠰᠡᠨ ᠦᠭᠡᠢ᠂ ᠶᠠᠰᠤ ᠴᠢᠨᠠᠷ ᠤᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠦᠭᠡᠢ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠨᠡᠷᠡᠰ ᠨᠢ ᠬᠤᠶᠢᠨ᠎ᠠ  ᠵᠢᠭᠰᠠᠭᠠᠭᠰᠠᠨ᠂ ᠰᠠᠨᠠᠭᠤᠯᠬᠤ ᠪᠠᠷ ᠳᠡᠮᠵᠢᠨ ᠮᠥᠨ ᠯᠡ ᠨᠠᠶᠢᠳᠠᠪᠤᠷᠢᠵᠢᠭᠤᠯᠤᠭᠠᠳᠤᠢ ᠨᠢᠭᠡᠴᠢ ᠳᠤ᠂  ᠬᠤᠷᠴᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠱᠠᠭᠠᠷᠳᠠᠨ ᠭᠦᠢᠴᠡᠳᠬᠡᠬᠦ ᠬᠠᠭᠤᠳᠠᠰᠤ ᠭᠠᠷᠭᠠᠬᠤ ᠶᠢᠨ ᠬᠠᠮᠲᠤ ᠬᠤᠷᠴᠢᠨ ᠲᠣᠭᠤᠷᠢᠭ ᠤᠨ ᠬᠤᠪᠢᠶᠠᠷᠢ ᠬᠠᠮᠢᠶᠠᠷᠤᠯᠲᠠ ᠶᠢᠨ ᠤᠳᠤᠷᠢᠳᠤᠯᠭ᠎ᠠ ᠵᠢᠴᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠬᠠᠭᠤᠯᠤᠨ ᠬᠦᠷᠭᠡᠵᠦ᠂ ᠤᠯᠠᠮ ᠨᠢᠭᠡ ᠠᠯᠬᠤᠮ ᠰᠠᠨᠠᠭᠤᠯᠵᠤ ᠳᠠᠷᠤᠯᠲᠠ ᠦᠵᠡᠭᠦᠯᠬᠦ᠂ ᠨᠠᠶᠢᠳᠠᠪᠤᠷᠢᠵᠢᠭᠤᠯᠬᠤ ᠶᠢ ᠠᠬᠢᠭᠤᠯᠬᠤ ᠦᠢᠯᠡᠳᠦᠯ ᠳᠤ ᠬᠦᠷᠦᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号