ᠬᠤᠷᠴᠢᠨ ᠲᠣᠭᠤᠷᠢᠭ᠄ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠠᠵᠢᠯ ᠤᠨ ᠭᠦᠨᠵᠡᠭᠡᠶᠢᠷᠡᠨ ᠥᠷᠨᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2023/6/26
    ᠡᠨᠡ ᠵᠢᠯ᠂ ᠬᠤᠷᠴᠢᠨ ᠲᠣᠭᠤᠷᠢᠭ ᠤᠨ ᠬᠢᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠷᠢᠶᠠᠲᠤ ᠣᠷᠣᠨ ᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠲᠠᠯᠠᠪᠤᠷ ᠲᠤ ᠦᠷᠭᠦᠯᠵᠢᠯᠡᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ ᠣᠲᠣ ᠪᠣᠯᠲᠠᠯ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠮᠲᠤᠷᠠᠭᠰᠠᠨ ᠪᠠᠶᠢᠴᠠᠭᠠᠯᠲᠠ ᠶᠢ 17 ᠤᠳᠠᠭ᠎ᠠ ᠥᠷᠨᠢᠭᠦᠯᠵᠦ᠂ 118 ᠨᠢᠭᠡᠴᠢ ᠶᠢ ᠪᠠᠶᠢᠴᠠᠭᠠᠵᠤ᠂ 4000 ᠭᠠᠷᠤᠢ ᠳᠠᠯᠳᠠ ᠬᠡᠮ ᠢ ᠪᠠᠶᠢᠴᠠᠭᠠᠨ ᠥᠭᠡᠷᠡᠴᠢᠯᠡᠪᠡ᠃ ᠬᠤᠷᠴᠢᠨ ᠲᠣᠭᠤᠷᠢᠭ ᠤᠨ ᠬᠢᠨ ᠬᠠᠷᠢᠶᠠᠲᠤ ᠣᠷᠣᠨ ᠤ ᠪᠠᠨ 379 ᠭᠤᠣᠯᠳᠠᠯᠭ᠎ᠠ ᠲᠠᠢ ᠨᠢᠭᠡᠴᠢ ᠶᠢ ᠵᠣᠬᠢᠶᠠᠨ ᠪᠠᠶᠢᠭᠤᠯᠤᠨ ᠭᠠᠯ  ᠰᠡᠷᠭᠡᠶᠢᠯᠡᠬᠦ ᠠᠮᠤᠷ ᠲᠦᠪᠰᠢᠨ ᠤ ᠶᠡᠭᠡ ᠪᠣᠯᠪᠠᠰᠤᠷᠠᠭᠤᠯᠤᠯ ᠶᠡᠭᠡ ᠰᠣᠷᠢᠯᠲᠠ ᠬᠢᠵᠦ᠂ ᠭᠠᠯ  ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃ ᠡᠭᠦᠨ ᠠᠴᠠ ᠭᠠᠳᠠᠨ᠎ᠠ᠂ ᠡᠮᠴᠢᠯᠡᠭᠡᠨ ᠤ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠭᠠᠯ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠪᠡ᠃
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号