6 ᠳ᠋ᠤᠭᠠᠷ ᠰᠠᠷ᠎ᠠ ᠶᠢᠨ 27 ᠤ ᠡᠳᠦᠷ᠂ ︽ᠤᠨᠤᠯ ᠢᠶᠠᠷ ᠬᠤᠷᠴᠢᠨ ᠢ ᠬᠠᠩᠭᠢᠨᠠᠭᠤᠯᠬᠤ︾ ᠶᠡᠭᠡ | ᠬᠢᠴᠢᠶᠡᠯ ᠤᠨ ᠲᠠᠩᠬᠢᠮ ᠳᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠤᠬᠠᠭᠤᠯᠤᠨ ᠲᠠᠶᠢᠯᠪᠤᠷᠢᠯᠠᠬᠤ | ᠠᠵᠢᠯ ᠥᠪᠥᠷ ᠮᠣᠩᠭᠤᠯ ᠤᠨ ᠬᠤᠷᠴᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠦᠩ ᠺᠧ ᠠᠵᠤ ᠦᠢᠯᠡᠰ ᠤᠨ ᠪᠦᠯᠦᠭᠯᠡᠯ ᠳᠤ | ᠣᠷᠣᠪᠠ᠃ | ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶ᠎ᠠ ᠶᠢᠨ ᠯᠧᠺᠲ᠋ᠣᠷ ᠤᠨ | ᠪᠦᠯᠬᠦᠮ ᠤᠨ ᠪᠦᠷᠢᠯᠳᠦᠭᠦᠨ ᠱᠢ ᠵᠧᠩ ᠯᠧᠺᠲ᠋ᠣᠷ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠬᠠᠯᠠᠮᠵᠢᠯᠠᠨ ᠰᠤᠷᠤᠯᠴᠠᠨ ᠲᠤᠤᠱᠯᠠᠭᠤᠯᠬᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠵᠢᠷᠤᠭᠯᠠᠨ ᠥᠭᠭᠦᠭᠰᠡᠨ ᠬᠥᠭᠵᠢᠯᠲᠡ ᠶᠢᠨ ᠵᠢᠷᠤᠭ ᠲᠥᠯᠥᠪᠯᠡᠭᠡ᠂ ᠶᠡᠷᠦᠩᠬᠡᠢ ᠱᠦᠵᠢ ᠰᠢ ᠶᠢᠨ ᠫᠢᠩ ᠪᠣᠯᠣᠨ ᠥᠪᠥᠷ | ᠮᠣᠩᠭᠤᠯ ᠤᠨ ᠦᠯᠢᠬᠡᠷ ᠵᠡᠷᠭᠡ ᠲᠠᠯ᠎ᠠ ᠪᠠᠷ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠪᠠ᠃ ᠲᠤᠬᠠᠢ ᠶᠢᠨ | ᠲᠠᠯᠠᠪᠠᠢ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠤᠬᠠᠭᠤᠯᠤᠨ ᠲᠠᠶᠢᠯᠪᠤᠷᠢᠯᠠᠬᠤ ᠶᠢᠨ | ᠭᠤᠣᠯ ᠰᠡᠳᠦᠪ ᠢᠯᠡ ᠲᠣᠳᠣ᠂ ᠠᠭᠤᠯᠤᠭᠳᠠᠬᠤᠨ ᠡᠯᠪᠡᠭ ᠪᠠᠶᠠᠯᠢᠭ᠂ ᠪᠣᠳᠠᠲᠠᠢ ᠲᠠᠢ ᠨᠢᠭᠲᠠ ᠤᠶᠠᠯᠳᠤᠭᠤᠯᠵᠤ᠂ | ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠠᠵᠢᠯᠲᠠᠳ᠂ ᠶᠡᠷᠦᠩᠬᠡᠢ ᠱᠦᠵᠢ ᠰᠢ ᠶᠢᠨ ᠫᠢᠩ | ᠤᠨ ᠳᠤᠷᠠᠳᠤᠭᠰᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠬᠠᠷᠠᠯᠲᠠ ᠶᠢᠨ ᠲᠤᠬᠠᠢ ᠨᠡᠩ ᠭᠦᠨᠵᠡᠭᠡᠢ | ᠲᠠᠨᠢᠯᠲᠠ ᠲᠠᠢ ᠪᠣᠯᠵᠤ᠂ ᠮᠠᠰᠢ ᠶᠡᠭᠡ ᠵᠣᠷᠢᠭᠵᠢᠭᠤᠯᠤᠯ ᠪᠣᠯᠵᠠᠢ ᠭᠡᠵᠦ ᠰᠠᠨᠠᠯ ᠨᠢᠭᠡᠲᠡᠢ ᠦᠵᠡᠪᠡ᠃ᠤᠯᠠᠨ ᠢᠶᠠᠷ ᠢᠶᠠᠨ᠂ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠭᠦᠷᠭᠡ | ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠪᠠᠶᠢᠷᠢ ᠲᠣᠭᠲᠠᠭᠠᠯᠲᠠ ᠪᠠ ᠡᠭᠦᠷᠭᠡ ᠡᠷᠢᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡᠬᠦ ᠭᠤᠣᠯ ᠱᠤᠭᠤᠮ ᠲᠠᠢ ᠨᠢᠭᠲᠠ | ᠤᠶᠠᠯᠳᠤᠭᠤᠯᠵᠤ᠂ ᠥᠴᠥᠬᠡᠨ ᠴᠦ ᠬᠡᠯᠲᠡᠭᠡᠶᠢᠳᠡᠬᠦ ᠦᠭᠡᠢ ᠪᠠᠷ ᠴᠢᠩᠭ᠎ᠠ ᠠᠳᠬᠤᠵᠤ᠂ ᠬᠤᠷᠴᠢᠨ ᠲᠣᠭᠤᠷᠢᠭ ᠤᠨ | ᠬᠥᠭᠵᠢᠯᠲᠡ ᠳᠤ ᠬᠦᠴᠦᠨ ᠨᠡᠮᠡᠷᠢᠯᠡᠬᠦ ᠲᠠᠯ᠎ᠠ ᠪᠠᠷ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ ᠭᠡᠵᠦ | ᠢᠯᠡᠳᠬᠡᠵᠡᠭᠡᠪᠡ᠃ | ᠥᠪᠥᠷ ᠮᠣᠩᠭᠤᠯ ᠤᠨ ᠬᠤᠷᠴᠢᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ | ᠪᠦᠯᠦᠭᠯᠡᠯ ᠤᠨ ᠵᠠᠩ ᠴᠢᠶᠠᠨ ᠢᠯᠡᠷᠬᠡᠶᠢᠯᠡᠬᠦ ᠳᠡᠭᠡᠨ᠄ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ | ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ | ᠤᠷᠤᠭᠰᠢᠯᠠᠬᠤ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠤᠨ᠂ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠳᠤ ᠤᠬᠠᠮᠰᠠᠷ ᠠᠴᠠ ᠪᠠᠨ ᠰᠠᠶᠢᠲᠤᠷ ᠣᠷᠣᠯᠴᠠᠵᠤ᠂ ᠨᠠᠮ ᠪᠠ ᠠᠷᠠᠳ ᠣᠯᠠᠨ ᠤ | ᠰᠡᠳᠬᠢᠯ ᠬᠠᠨᠤᠮᠵᠢᠲᠠᠶ ᠦᠷ᠎ᠡ ᠪᠦᠲᠦᠮᠵᠢ ᠶᠢ ᠣᠯᠬᠤ ᠬᠡᠷᠡᠭᠲᠡᠢ ᠭᠡᠪᠡ᠃ | |