︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠬᠠᠶᠠᠭᠳᠠᠮᠠᠯ ᠮᠠᠰᠢᠨ ᠲᠡᠷᠭᠡ ᠶᠢ ᠵᠠᠰᠠᠵᠤ ᠵᠣᠬᠢᠴᠠᠭᠤᠯᠬᠤ ᠶᠢ ᠠᠬᠢᠭᠤᠯᠬᠤ ᠲᠣᠭᠲᠠᠴᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/6/5
ᠬᠤᠷᠴᠢᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠳᠤ᠄      ︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠬᠠᠶᠠᠭᠳᠠᠮᠠᠯ ᠮᠠᠰᠢᠨ ᠲᠡᠷᠭᠡ ᠶᠢ ᠵᠠᠰᠠᠵᠤ ᠵᠣᠬᠢᠴᠠᠭᠤᠯᠬᠤ ᠶᠢ ᠠᠬᠢᠭᠤᠯᠬᠤ ᠲᠣᠭᠲᠠᠴᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠬᠡᠷᠡᠭᠵᠢᠭᠦᠯᠲᠦᠭᠡᠢ᠃      ᠳᠠᠭᠠᠯᠳᠤᠭᠤᠯᠤᠯ᠄ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠬᠠᠶᠠᠭᠳᠠᠮᠠᠯ ᠮᠠᠰᠢᠨ ᠲᠡᠷᠭᠡ ᠶᠢ ᠵᠠᠰᠠᠵᠤ ᠵᠣᠬᠢᠴᠠᠭᠤᠯᠬᠤ ᠲᠣᠭᠲᠠᠴᠠ                                                 2023 ᠣᠨ ᠤ 5 ᠰᠠᠷ᠎ᠠ ᠶᠢᠨ 26 ᠤ ᠡᠳᠦᠷ      ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠬᠢᠨ ᠬᠠᠶᠠᠭᠳᠠᠮᠠᠯ ᠮᠠᠰᠢᠨ ᠲᠡᠷᠭᠡ ᠶᠢ  ᠵᠠᠰᠠᠵᠤ ᠵᠣᠬᠢᠴᠠᠭᠤᠯᠬᠤ ᠲᠣᠭᠲᠠᠴᠠ      ︽ᠬᠠᠶᠠᠭᠳᠠᠮᠠᠯ ᠮᠠᠰᠢᠨ ᠲᠡᠷᠭᠡ  ᠶᠢ ᠵᠠᠰᠠᠬᠤ ᠬᠤᠯᠪᠣᠭᠳᠠᠯ ᠪᠦᠬᠦᠢ ᠠᠵᠢᠯ ᠢ ᠦᠨᠡᠨᠬᠦ ᠰᠠᠶᠢᠲᠤᠷ ᠬᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ〔2022〕105 ᠳ᠋ᠤᠭᠠᠷ ᠲᠣᠭᠠᠲᠤ︶ ᠤᠨ ᠱᠠᠭᠠᠷᠳᠠᠯᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ  ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠶᠠᠭᠳᠠᠮᠠᠯ ᠮᠠᠰᠢᠨ ᠲᠡᠷᠭᠡ ᠶᠢ ᠵᠠᠰᠠᠬᠤ ᠠᠵᠢᠯ ᠤᠨ ᠲᠥᠰᠥᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠡᠬᠢ ᠪᠠᠶᠠᠯᠢᠭ ᠥᠰᠥᠭ ﹇2023﹈ 133 ᠳ᠋ᠤᠭᠠᠷ ᠲᠣᠭᠠᠲᠤ︶ ᠤᠨ ︽ᠲᠦᠩᠯᠢᠶᠣᠣ ᠬᠤᠲᠠ ᠶᠢᠨ ᠬᠠᠶᠠᠭᠳᠠᠮᠠᠯ ᠮᠠᠰᠢᠨ ᠲᠡᠷᠭᠡ ᠶᠢ ᠵᠠᠰᠠᠬᠤ ᠠᠵᠢᠯ ᠤᠨ ᠲᠥᠰᠥᠯ︾ ︵ᠥᠪᠥᠷ ᠮᠣᠩᠭᠤᠯ ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠡᠬᠢ ᠪᠠᠶᠠᠯᠢᠭ ᠥᠰᠥᠭ ﹇2023﹈ 99 ᠳ᠋ᠦᠭᠡᠷ ᠲᠣᠭᠠᠲᠤ︶ ᠤᠨ ᠶᠣᠰᠣᠭᠠᠷ᠂᠂ ᠬᠤᠷᠴᠢᠨ ᠲᠣᠭᠤᠷᠢᠭ ᠤᠨ ᠬᠠᠶᠠᠭᠳᠠᠮᠠᠯ ᠮᠠᠰᠢᠨ ᠲᠡᠷᠭᠡ ᠶᠢ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠦᠩᠯᠢᠶᠣᠣ ᠬᠤᠲᠠ ᠶᠢᠨ ᠪᠣᠳᠠᠲᠠᠢ ᠠᠵᠢᠯ ᠤᠨ ᠲᠣᠭᠲᠠᠴᠠ ᠲᠠᠢ ᠬᠠᠷᠢᠴᠠᠭᠤᠯᠵᠤ᠂ ᠬᠤᠷᠴᠢᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠷᠴᠢᠨ ᠲᠣᠭᠤᠷᠢᠭ ᠤᠨ ᠬᠠᠶᠠᠭᠳᠠᠮᠠᠯ ᠮᠠᠰᠢᠨ ᠲᠡᠷᠭᠡ ᠶᠢ ᠵᠠᠰᠠᠬᠤ ᠶᠢ ᠠᠬᠢᠭᠤᠯᠬᠤ ᠵᠣᠬᠢᠴᠠᠭᠤᠯᠬᠤ ᠲᠣᠭᠲᠠᠴᠠ ︵ᠳᠣᠷᠣᠭᠰᠢ ︽ᠵᠣᠬᠢᠴᠠᠭᠤᠯᠬᠤ ᠲᠣᠭᠲᠠᠴᠠ︾ ᠭᠡᠵᠦ ᠲᠣᠪᠴᠢᠯᠠᠨ᠎ᠠ︶ ᠶᠢ ᠪᠠᠶᠢᠭᠤᠯᠤᠨ᠎ᠠ᠃ ᠡᠳᠦᠭᠡ ᠬᠤᠯᠪᠣᠭᠳᠠᠯ ᠪᠦᠬᠦᠢ ᠵᠦᠢᠯ  ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠭᠤᠣᠯ ᠡᠭᠦᠷᠭᠡ ᠬᠠᠷᠢᠭᠤᠴᠠᠯᠭ᠎ᠠ     ᠬᠠᠶᠠᠭᠳᠠᠮᠠᠯ ᠮᠠᠰᠢᠨ ᠲᠡᠷᠭᠡ ᠶᠢ ᠵᠠᠰᠠᠬᠤ ᠠᠵᠢᠯ ᠢ ᠰᠠᠶᠢᠲᠤᠷ ᠬᠢᠬᠦ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠣ ᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠷᠴᠢᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠶᠠᠭᠳᠠᠮᠠᠯ ᠮᠠᠰᠢᠨ ᠲᠡᠷᠭᠡ ᠶᠢ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠷᠠᠭᠤᠯᠤᠨ᠎ᠠ︔ ᠬᠠᠶᠠᠭᠳᠠᠮᠠᠯ ᠮᠠᠰᠢᠨ ᠲᠡᠷᠭᠡ ᠶᠢ ᠵᠠᠰᠠᠬᠤ ᠣᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠰᠢᠮᠳᠠᠭᠤᠯᠤᠨ ᠵᠣᠬᠢᠴᠠᠭᠤᠯᠤᠨ᠎ᠠ︔ ᠬᠠᠶᠠᠭᠳᠠᠮᠠᠯ ᠮᠠᠰᠢᠨ ᠲᠡᠷᠭᠡ ᠶᠢ ᠵᠠᠰᠠᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠬᠠᠮᠵᠢᠯᠴᠠᠨ ᠰᠢᠢᠳᠪᠦᠷᠢᠯᠡᠬᠦ ᠶᠢ ᠰᠤᠳᠤᠯᠵᠤ᠂ ᠲᠦᠩᠯᠢᠶᠣᠣ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠴᠢᠬᠤᠯᠠ ᠶᠡᠭᠡ ᠪᠠᠶᠢᠳᠠᠯ ᠢ ᠴᠠᠭ ᠲᠤᠬᠠᠢ ᠳᠤᠨᠢ ᠮᠡᠳᠡᠭᠦᠯᠦᠨ ᠵᠢᠭᠠᠪᠤᠷᠢ ᠠᠪᠴᠤ ᠮᠡᠳᠡᠭᠦᠯᠦᠯᠲᠡ ᠬᠢᠬᠦ ᠬᠡᠷᠡᠭᠲᠡᠢ᠃      ᠬᠤᠶᠠᠷ᠂ ᠪᠦᠷᠢᠯᠳᠦᠭᠦᠨ ᠨᠢᠭᠡᠴᠢ      ᠵᠣᠬᠢᠴᠠᠭᠤᠯᠬᠤ ᠲᠣᠭᠲᠠᠴᠠ ᠶᠢ ᠬᠤᠷᠴᠢᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠦᠯᠦᠨ᠎ᠡ᠃ ᠬᠤᠷᠴᠢᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠨᠥᠬᠦᠳ ᠬᠤᠷᠠᠯᠳᠤᠭᠤᠯᠤᠭᠴᠢ ᠪᠣᠯᠵᠤ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠳᠡᠳ᠋ ᠬᠤᠷᠠᠯᠳᠤᠭᠤᠯᠤᠭᠴᠢ ᠪᠣᠯᠵᠤ᠂ ᠪᠤᠰᠤᠳ ᠪᠦᠷᠢᠯᠳᠦᠭᠦᠨ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠵᠣᠬᠢᠴᠠᠭᠤᠯᠬᠤ ᠲᠣᠭᠲᠠᠴᠠ ᠶᠢᠨ ᠪᠦᠷᠢᠯᠳᠦᠭᠦᠨ ᠪᠣᠯᠣᠨ᠎ᠠ᠃ ᠵᠣᠬᠢᠴᠠᠭᠤᠯᠬᠤ ᠲᠣᠭᠲᠠᠴᠠ ᠳᠤ ᠬᠤᠯᠪᠣᠭᠠᠴᠢᠨ ᠲᠣᠬᠢᠷᠠᠭᠤᠯᠵᠤ᠂ ᠡᠯ᠎ᠡ ᠪᠦᠷᠢᠯᠳᠦᠭᠦᠨ ᠨᠢᠭᠡᠴᠢ ᠶᠢᠨ ᠬᠤᠯᠪᠣᠭᠳᠠᠯ ᠪᠦᠬᠦᠢ ᠬᠤᠪᠢ ᠣᠷᠣᠭᠤᠯᠤᠭᠰᠠᠨ ᠲᠠᠰᠤᠭ ᠤᠨ ᠬᠠᠷᠢᠭᠤᠴᠠᠯᠭᠠᠲᠠᠨ ᠨᠥᠬᠦᠳ ᠢᠶᠠᠷ ᠬᠠᠷᠢᠭᠤᠴᠠᠭᠤᠯᠤᠨ᠎ᠠ᠃ ᠵᠣᠬᠢᠴᠠᠭᠤᠯᠬᠤ ᠲᠣᠭᠲᠠᠴᠠ ᠶᠢᠨ ᠪᠦᠷᠢᠯᠳᠦᠭᠦᠨ ᠨᠢ ᠠᠵᠢᠯ ᠤᠨ ᠬᠤᠪᠢᠷᠠᠯᠲᠠ ᠠᠴᠠ ᠪᠣᠯᠵᠤ᠂ ᠪᠠᠶᠢᠭ᠎ᠠ ᠨᠢᠭᠡᠴᠢ ᠨᠢ ᠥᠪᠡᠷ ᠢᠶᠠᠨ ᠲᠣᠬᠢᠷᠠᠭᠤᠯᠤᠯᠲᠠ ᠬᠢᠨ᠎ᠡ᠃      ᠭᠤᠷᠪᠠ᠂ ᠠᠵᠢᠯ ᠤᠨ ᠳᠦᠷᠢᠮ      ᠬᠤᠷᠠᠯᠳᠤᠭᠤᠯᠤᠭᠴᠢ ᠨᠢ ᠪᠣᠳᠠᠲᠠᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠵᠣᠬᠢᠴᠠᠭᠤᠯᠬᠤ ᠲᠣᠭᠲᠠᠴᠠ ᠶᠢᠨ ᠬᠤᠷᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠪᠥᠬᠦ ᠪᠦᠷᠢᠯᠳᠦᠭᠦᠨ ᠨᠢᠭᠡᠴᠢ ᠶᠢᠨ ᠬᠤᠷᠠᠯ᠂ ᠪᠦᠷᠢᠯᠳᠦᠭᠦᠨ ᠨᠢᠭᠡᠴᠢ ᠶᠢᠨ ᠥᠷᠭᠡᠳᠬᠡᠭᠰᠡᠨ ᠬᠤᠷᠠᠯ᠂ ᠬᠡᠰᠡᠭ ᠪᠦᠷᠢᠯᠳᠦᠭᠦᠨ ᠨᠢᠭᠡᠴᠢ ᠶᠢᠨ ᠬᠤᠷᠠᠯ ᠢ ᠬᠤᠷᠠᠯᠳᠤᠭᠤᠯᠬᠤ ᠪᠤᠶᠤ ᠬᠤᠯᠪᠣᠭᠠᠴᠢᠨ ᠤ ᠬᠤᠷᠠᠯ ᠢ ᠨᠠᠶᠢᠳᠠᠨ ᠬᠤᠷᠠᠯᠳᠤᠭᠤᠯᠵᠤ ᠪᠣᠯᠣᠨ᠎ᠠ᠃ ᠪᠦᠷᠢᠯᠳᠦᠭᠦᠨ ᠨᠢᠭᠡᠴᠢ ᠨᠦᠭᠦᠳ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠷᠠᠯᠳᠤᠭᠤᠯᠤᠭᠴᠢ ᠳᠤ ᠵᠣᠬᠢᠴᠠᠭᠤᠯᠬᠤ ᠲᠣᠭᠲᠠᠴᠠ ᠶᠢᠨ ᠬᠤᠷᠠᠯ ᠬᠤᠷᠠᠯᠳᠤᠭᠤᠯᠬᠤ ᠪᠠᠷ ᠳᠤᠷᠠᠳᠤᠯᠭ᠎ᠠ ᠭᠠᠷᠭᠠᠵᠤ ᠪᠣᠯᠣᠨ᠎ᠠ᠃ ᠵᠣᠬᠢᠴᠠᠭᠤᠯᠬᠤ ᠲᠣᠭᠲᠠᠴᠠ ᠶᠢᠨ ᠡᠳᠦᠷ ᠲᠤᠲᠤᠮ ᠤᠨ ᠠᠵᠢᠯ ᠢ ᠬᠤᠷᠴᠢᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠡᠭᠦᠷᠭᠡᠯᠡᠨ᠎ᠡ᠃      ᠳᠥᠷᠪᠡ᠂ ᠠᠵᠢᠯ ᠤᠨ ᠱᠠᠭᠠᠷᠳᠠᠯᠭ᠎ᠠ      ᠡᠯ᠎ᠡ ᠪᠦᠷᠢᠯᠳᠦᠭᠦᠨ‌ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠨᠢᠭᠲᠠ ᠬᠠᠮᠵᠢᠯᠴᠠᠨ᠂ ︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠬᠠᠶᠠᠭᠳᠠᠮᠠᠯ ᠮᠠᠰᠢᠨ ᠲᠡᠷᠭᠡᠨ ᠤ ᠠᠵᠢᠯ ᠤᠨ ᠲᠥᠰᠥᠯ︾ ᠳᠤ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠪᠠ ᠵᠣᠬᠢᠴᠠᠭᠤᠯᠬᠤ ᠲᠣᠭᠲᠠᠴᠠ ᠶᠢᠨ ᠵᠥᠪᠯᠡᠨ ᠲᠣᠭᠲᠠᠭᠠᠭᠰᠠᠨ ᠵᠦᠢᠯᠡᠰ ᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠬᠠᠶᠠᠭᠳᠠᠮᠠᠯ ᠮᠠᠰᠢᠨ ᠲᠡᠷᠭᠡᠨ ᠤ ᠣᠷᠳᠣ ᠬᠤᠭᠤᠴᠠᠭᠠᠨ ᠤ ᠪᠦᠲᠦᠮᠵᠢᠲᠡᠶ ᠵᠠᠰᠠᠬᠤ ᠲᠣᠭᠲᠠᠴᠠ ᠶᠢ ᠪᠦᠷᠢᠨᠰᠢᠭᠦᠯᠬᠦ ᠰᠠᠯᠠᠭ᠎ᠠ ᠮᠥᠴᠢᠷ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠨ᠎ᠠ᠃ ᠵᠣᠬᠢᠴᠠᠭᠤᠯᠬᠤ ᠲᠣᠭᠲᠠᠴᠠ ᠶᠢᠨ ᠬᠤᠷᠠᠯᠳᠤᠭᠤᠯᠬᠤ  ᠨᠢᠭᠡᠴᠢ ᠨᠢ ᠠᠵᠢᠯ ᠤᠨ ᠡᠭᠦᠷᠭᠡ ᠶᠢ ᠮᠥᠷᠳᠡᠨ ᠰᠢᠮᠳᠠᠭᠤᠯᠬᠤ ᠪᠠᠨ ᠴᠢᠩᠭᠠᠳᠬᠠᠵᠤ᠂ ᠡᠯ᠎ᠡ ᠪᠦᠷᠢᠯᠳᠦᠭᠦᠨ ᠨᠢᠭᠡᠴᠢ ᠳᠤ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃      ᠲᠠᠪᠤ᠂ ᠵᠣᠬᠢᠴᠠᠭᠤᠯᠬᠤ ᠲᠣᠭᠲᠠᠴᠠ ᠶᠢᠨ ᠠᠵᠢᠯᠲᠠᠨ ᠤ ᠨᠡᠷᠡᠰ      ᠴᠤᠭᠯᠠᠭᠤᠯᠤᠭᠴᠢ᠄      ᠶᠣᠣ ᠬᠤᠸᠠ ᠸᠧᠢ    ᠬᠤᠷᠴᠢᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ      ᠸᠠᠩ      ᠴᠧᠩ    ᠬᠤᠷᠴᠢᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠳᠠᠷᠤᠭ᠎ᠠ      ᠰᠦᠩ ᠭᠦᠸᠧ ᠰᠢ    ᠬᠤᠷᠴᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ      ᠪᠦᠷᠢᠯᠳᠦᠭᠦᠨ᠄      ᠶᠣᠣ ᠶᠠᠨ  ᠵᠢᠦᠢ    ᠬᠤᠷᠴᠢᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ      ᠸᠠᠩ ᠶᠦᠨ ᠬᠠᠢ    ᠬᠤᠷᠴᠢᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠳᠠᠷᠤᠭ᠎ᠠ      ᠵᠠᠩ  ᠱᠤ᠋  ᠺᠦᠨ    ᠬᠤᠷᠴᠢᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠ      ᠢᠦᠢ ᠴᠠᠩ  ᠬᠠᠢ    ᠬᠤᠷᠴᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ      ᠯᠢ        ᠰᠢᠨ    ᠲᠦᠩᠯᠢᠶᠣᠣ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠬᠤᠷᠴᠢᠨ ᠬᠤᠪᠢᠶᠠᠷᠢ ᠲᠥᠪ ᠤᠨ ᠡᠷᠬᠢᠯᠡᠭᠴᠢ      ᠶᠠᠩ       ᠸᠧᠢ    ᠬᠤᠷᠴᠢᠨ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠳᠡᠳ᠋ ᠳᠠᠷᠤᠭ᠎ᠠ      ᠬᠦᠢ       ᠲᠤᠤ    ᠬᠤᠷᠴᠢᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ      ᠱᠠᠨ  ᠵᠦᠩ  ᠢ    ᠬᠤᠷᠴᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ      ᠬᠤᠯᠪᠣᠭᠠᠴᠢᠨ᠄      ᠺᠠᠨ ᠬᠠᠢ ᠯᠢᠩ     ᠬᠤᠷᠴᠢᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠣᠷᠴᠢᠨ ᠲᠣᠭᠤᠷᠢᠨ ᠤ ᠪᠡᠯᠡ ᠣᠷᠣᠭᠤᠯᠤᠯᠲᠠ ᠶᠢᠨ ᠲᠠᠰᠤᠭ ᠤᠨ ᠳᠠᠷᠤᠭ᠎ᠠ      ᠵᠣᠣ  ᠯᠢ  ᠮᠢᠨ    ᠬᠤᠷᠴᠢᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠲᠣᠪᠴᠢᠶ᠎ᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ      ᠯᠢ ᠵᠣᠣ ᠴᠢᠶᠠᠩ    ᠬᠤᠷᠴᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ      ᠯᠢ ᠮᠢᠩ ᠹᠧᠩ     ᠬᠤᠷᠴᠢᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠮᠡᠳᠡᠭᠡ ᠵᠠᠩᠭᠢᠵᠢᠯᠲᠠ ᠪᠠ ᠵᠥᠭᠡᠯᠡᠨ ᠲᠣᠨᠤᠭ ᠤᠨ ᠦᠢᠯᠡᠴᠢᠯᠡᠭᠡᠨ ᠤ ᠲᠠᠰᠤᠭ ᠤᠨ ᠳᠠᠷᠤᠭ᠎ᠠ      ᠯᠢᠦ ᠸᠧᠨ ᠪᠢᠨ     ᠬᠤᠷᠴᠢᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠲᠠᠰᠤᠭ ᠤᠨ ᠳᠠᠷᠤᠭ᠎ᠠ      ᠯᠢ       ᠹᠧᠢ     ᠬᠤᠷᠴᠢᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠰᠤᠭ ᠤᠨ ᠳᠠᠷᠤᠭ᠎ᠠ      ᠯᠢ       ᠸᠧᠢ     ᠬᠤᠷᠴᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ      ᠮᠥᠩᠭᠦᠨ ᠬᠤᠸᠠᠷ    ᠬᠤᠷᠴᠢᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠤᠰᠤᠨ ᠤ ᠣᠷᠴᠢᠨ ᠲᠣᠭᠤᠷᠢᠨ ᠬᠢᠭᠡᠳ ᠰᠢᠷᠣᠢ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠠᠰᠤᠭ ᠤᠨ ᠳᠡᠳ᠋ ᠳᠠᠷᠤᠭ᠎ᠠ      ᠯᠢᠦ ᠵᠢᠩ ᠢᠦᠢ     ᠬᠤᠷᠴᠢᠨ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶᠠᠨ ᠤ ᠲᠡᠭᠡᠭᠡᠪᠦᠷᠢ ᠶᠢᠨ ᠲᠠᠰᠤᠭ ᠤᠨ ᠳᠠᠷᠤᠭ᠎ᠠ      ᠬᠤᠸᠠᠩ    ᠱᠠᠨ    ᠬᠤᠷᠴᠢᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠠᠰᠤᠭ ᠤᠨ ᠳᠠᠷᠤᠭ᠎ᠠ      ᠾᠧᠦ ᠯᠢ ᠭᠦᠸᠧ     ᠬᠤᠷᠴᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号