| ᠲᠦᠩᠯᠢᠶᠣᠣ ᠬᠤᠷᠴᠢᠨ ᠵᠠᠰᠠᠭ ᠠᠯᠪᠠᠨ ᠲᠠᠷᠬᠠᠭᠠᠭᠰᠠᠨ〔2023〕 21 ᠳ᠋ᠦᠭᠡᠷ ᠲᠣᠭᠠᠲᠤ | | | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ | ᠲᠠᠯᠠᠪᠠᠶ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ | ᠵᠥᠪᠯᠡᠯ ᠠᠯᠪᠠᠨ ᠭᠡᠷ ᠲᠣᠪᠴᠢᠶ᠎ᠠ᠂ ᠰᠢᠨᠵᠢᠯᠡᠬᠦ ᠤᠬᠠᠭᠠᠨ ᠤ ᠰᠠᠯᠠᠭ᠎ᠠ ᠳᠤ ᠰᠠᠭᠤᠭ᠎ᠠ ᠳᠤᠮᠳᠠ ᠲᠣᠭᠤᠷᠢᠭ ᠤᠨ | ᠰᠢᠭᠤᠳ ᠬᠠᠷᠢᠶ᠎ᠠ ᠡᠯ᠎ᠡ ᠨᠢᠭᠡᠴᠢ ᠳᠤ᠄ | ︽ᠬᠤᠷᠴᠢᠨ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ︾ ᠢ | ᠲᠣᠭᠤᠷᠢᠭ ᠤᠨ ᠵᠠᠰᠠᠭ ᠤᠨ ᠣᠷᠳᠣᠨ ᠨᠢᠭᠡᠨᠲᠡ ᠰᠤᠳᠤᠯᠤᠨ ᠵᠥᠪᠰᠢᠶᠡᠷᠡᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | | ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 6 ᠰᠠᠷ᠎ᠠ ᠶᠢᠨ 15 ᠤ ᠡᠳᠦᠷ | | ᠬᠤᠷᠴᠢᠨ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ | ᠳᠦᠷᠢᠮ | ᠰᠢ ᠶᠢᠨ ᠫᠢᠩ ᠶᠡᠷᠦᠩᠬᠡᠢ ᠱᠦᠵᠢ ᠶᠢᠨ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠢ ᠴᠢᠬᠤᠯᠠ | ᠥᠭᠦᠯᠡᠯᠲᠡ ᠪᠠ ︽ᠬᠢᠲᠠᠳ ᠡᠮ ᠡᠮᠨᠡᠯᠭᠡ ᠶᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ | ᠰᠢᠶᠠᠨ︶ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠮᠡᠳᠡᠭᠳᠡᠯ︾ ᠢ ︵ᠥᠪᠥᠷ ᠡᠷᠡᠭᠦᠯ ᠬᠠᠮᠠᠭᠠᠯᠠᠯ ᠤᠨ ᠠᠯᠪᠠᠨ ᠭᠡᠷ ᠬᠢᠲᠠᠳ ︵ᠮᠣᠩᠭᠤᠯ︶ ᠬᠠᠮᠢᠶᠠᠷᠤᠯᠲᠠ ᠥᠰᠥᠭ ﹇ | 2022﹈ 73 ᠳ᠋ᠤᠭᠠᠷ ᠲᠣᠭᠠᠲᠤ︶᠂ ︽2023 ᠣᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ | ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠠᠵᠢᠯ ᠢ | ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠮᠡᠳᠡᠭᠳᠡᠯ︾ ︵ᠥᠪᠥᠷ ᠡᠷᠡᠭᠦᠯ ᠬᠠᠮᠠᠭᠠᠯᠠᠯ ᠬᠢᠲᠠᠳ ︵ᠮᠣᠩᠭᠤᠯ︶ ᠬᠠᠮᠢᠶᠠᠷᠤᠯᠲᠠ | ᠥᠰᠥᠭ ﹇2023﹈ 14 ᠳ᠋ᠦᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠮᠠᠨ ᠤ | ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠵᠣᠬᠢᠴᠠᠭᠤᠯᠤᠨ ᠬᠠᠮᠵᠢᠯᠴᠠᠬᠤ ᠶᠢ | ᠴᠢᠩᠭᠠᠷᠠᠭᠤᠯᠤᠨ᠂ ᠬᠢᠲᠠᠳ ᠡᠮ ᠡᠮᠨᠡᠯᠭᠡ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ | ᠣᠨᠴᠠᠭᠠᠶᠢᠯᠠᠨ ᠬᠤᠷᠴᠢᠨ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ︵ | ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ︶ ᠤᠨ ᠳᠦᠷᠢᠮ ᠢ ᠪᠠᠶᠢᠭᠤᠯᠤᠨ᠎ᠠ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ᠲᠣᠭᠤᠷᠢᠭ ᠤᠨᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ | ᠪᠥᠬᠦ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠠᠬᠢᠭᠤᠯᠤᠨ᠎ᠠ | ︔ ᠬᠢᠲᠠᠳ ᠡᠮ ᠡᠮᠨᠡᠯᠭᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠰᠡᠳᠬᠢᠴᠡ ᠵᠢᠴᠢ ᠲᠦᠷᠦ ᠶᠢᠨ ᠪᠣᠳᠣᠯᠭ᠎ᠠ | ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ; ᠭᠤᠣᠯᠳᠠᠯᠭ᠎ᠠ ᠲᠠᠢ ᠠᠵᠢᠯ ᠢ ᠰᠤᠳᠤᠯᠵᠤ᠂ | ᠪᠠᠶᠢᠷᠢᠯᠠᠭᠤᠯᠤᠨ ᠵᠢᠯᠤᠭᠤᠳᠴᠤ᠂ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠳᠤᠮᠳᠠᠬᠢ ᠬᠤᠯᠪᠣᠭᠳᠠᠯ | ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ; ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠮᠡᠳᠡᠭᠡ | ᠵᠠᠩᠭᠢ ᠶᠢᠨ ᠨᠡᠪᠲᠡᠷᠡᠯᠴᠡᠭᠡ ᠪᠠ ᠬᠠᠮᠵᠢᠯᠴᠠᠭ᠎ᠠ ᠶᠢ ᠴᠢᠩᠭᠠᠳᠬᠠᠵᠤ᠂ ᠲᠡᠷᠢᠭᠦᠨ ᠤ ᠠᠷᠭ᠎ᠠ ᠬᠢᠳᠡᠯ ᠢ ᠴᠠᠭ ᠲᠤᠬᠠᠢ | ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ; ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ᠶᠢᠨ | ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠵᠦᠢᠯᠡᠰ ᠢ ᠪᠡᠶᠡᠯᠡᠭᠦᠯᠦᠨ᠎ᠡ᠃ | ᠬᠤᠶᠠᠷ᠂ ᠪᠦᠷᠢᠯᠳᠦᠭᠦᠨ ᠨᠢᠭᠡᠴᠢ | ᠬᠠᠮᠲᠤᠷᠠᠭᠰᠠᠨ ᠬᠤᠷᠠᠯ ᠨᠢ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ᠂ ᠤᠬᠠᠭᠤᠯᠬᠤ ᠬᠡᠯᠲᠡᠰ᠂ | ᠣᠷᠣᠨ ᠲᠤᠭ᠎ᠠ ᠶᠢᠨ ᠠᠯᠪᠠᠨ ᠭᠡᠷ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠨᠢᠭᠡᠴᠢ ᠪᠠᠷ ᠪᠦᠷᠢᠯᠳᠦᠵᠦ ︵ᠨᠡᠷᠡᠰ ᠢ ᠠᠷᠤ ᠳᠤ ᠳᠠᠭᠠᠯᠳᠤᠭᠤᠯᠪᠠ︶ | ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠶᠠᠷ ᠲᠦᠷᠦᠭᠦᠯᠡᠨ ᠬᠢᠬᠦ ᠨᠢᠭᠡᠴᠢ ᠪᠣᠯᠭᠠᠨ᠎ᠠ᠃ | | ᠬᠠᠮᠲᠤᠷᠠᠭᠰᠠᠨ ᠬᠤᠷᠠᠯ ᠳᠤ ᠲᠣᠭᠤᠷᠢᠭ ᠤᠨ ᠵᠠᠰᠠᠭ ᠤᠨ ᠣᠷᠳᠣᠨ ᠤ ᠬᠢᠲᠠᠳ ᠡᠮ ᠡᠮᠨᠡᠯᠭᠡ ᠶᠢᠨ ᠠᠵᠢᠯ ᠢ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠨᠥᠬᠦᠳ ᠢᠶᠠᠷ ᠬᠤᠷᠠᠯᠳᠤᠭᠤᠯᠤᠭᠴᠢ ᠶᠢᠨ ᠲᠤᠰᠢᠶᠠᠯ ᠢ | ᠡᠭᠦᠷᠭᠡᠯᠡᠭᠦᠯᠵᠦ᠂ ᠬᠢᠲᠠᠳ ᠡᠮ ᠡᠮᠨᠡᠯᠭᠡ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠪᠣᠯᠣᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠭᠤᠣᠯ ᠬᠠᠷᠢᠭᠤᠴᠠᠯᠭᠠᠲᠠᠨ ᠨᠥᠬᠦᠳ ᠢ ᠳᠡᠳ᠋ ᠬᠤᠷᠠᠯᠳᠤᠭᠤᠯᠤᠭᠴᠢ ᠪᠣᠯᠭᠠᠵᠤ᠂ ᠡᠯ᠎ᠡ ᠪᠦᠷᠢᠯᠳᠦᠭᠦᠨ | ᠨᠢᠭᠡᠴᠢ ᠶᠢᠨ ᠬᠠᠷᠢᠭᠤᠴᠠᠯᠭᠠᠲᠠᠨ ᠨᠥᠬᠦᠳ ᠢ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠪᠣᠯᠭᠠᠵᠤ᠂ ᠬᠠᠮᠲᠤᠷᠠᠭᠰᠠᠨ | ᠬᠤᠷᠠᠯ ᠤᠨ ᠡᠯ᠎ᠡ ᠪᠦᠷᠢᠯᠳᠦᠭᠦᠨ ᠨᠢᠭᠡᠴᠢ ᠠᠴᠠ ᠨᠢᠭᠡ ᠬᠤᠯᠪᠣᠭᠠᠴᠢᠨ ᠲᠣᠭᠲᠠᠭᠠᠵᠤ᠂ ᠡᠳᠦᠷ ᠲᠤᠲᠤᠮ ᠤᠨ | ᠬᠠᠷᠢᠯᠴᠠᠬᠤ ᠠᠵᠢᠯ ᠢ ᠬᠠᠷᠢᠭᠤᠴᠠᠭᠤᠯᠤᠨ᠎ᠠ᠃ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢ ᠠᠵᠢᠯ ᠤᠨ | ᠲᠣᠬᠢᠷᠠᠭᠤᠯᠤᠯᠲᠠ ᠠᠴᠠ ᠪᠣᠯᠤᠭᠰᠠᠨ ᠪᠤᠶᠤ ᠲᠤᠰᠢᠶᠠᠯ ᠤᠨ ᠬᠤᠪᠢᠷᠠᠯᠲᠠ ᠠᠴᠠ ᠪᠣᠯᠤᠭᠰᠠᠨ ᠪᠠᠶᠢᠪᠠᠯ᠂ ᠲᠡᠭᠦᠨ ᠤ | ᠵᠠᠯᠭᠠᠮᠵᠢᠯᠠᠭᠴᠢ ᠨᠢ ᠪᠦᠷᠢᠯᠳᠦᠭᠦᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠬᠠᠮᠲᠤᠷᠠᠭᠰᠠᠨ ᠬᠤᠷᠠᠯ ᠤᠨ | ᠠᠯᠪᠠᠨ ᠭᠡᠷ ᠲᠤ ᠮᠡᠳᠡᠭᠦᠯᠦᠨ ᠳᠠᠩᠰᠠᠯᠠᠭᠤᠯᠤᠨ᠎ᠠ᠂ ᠳᠠᠭᠢᠵᠤ ᠲᠤᠰᠠᠭᠠᠶᠢᠯᠠᠨ ᠪᠢᠴᠢᠭ ᠮᠠᠲ᠋ᠧᠷᠢᠶᠠᠯ ᠶᠠᠪᠤᠭᠤᠯᠬᠤ ᠦᠭᠡᠢ | ᠃ ᠬᠤᠯᠪᠣᠭᠠᠴᠢᠨ ᠠᠵᠢᠯ ᠤᠨ ᠬᠤᠪᠢᠷᠠᠯᠲᠠ ᠠᠴᠠ ᠪᠣᠯᠵᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠪᠠᠶᠢᠭ᠎ᠠ | ᠨᠢᠭᠡᠴᠢ ᠠᠴᠠ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠶᠢᠨ ᠬᠠᠮᠲᠤ ᠬᠠᠮᠲᠤᠷᠠᠭᠰᠠᠨ ᠬᠤᠷᠠᠯᠳᠤᠭᠠᠨ ᠤ ᠠᠯᠪᠠᠨ | ᠭᠡᠷ ᠲᠤ ᠮᠡᠳᠡᠭᠦᠯᠬᠦ ᠬᠡᠷᠡᠭᠲᠡᠢ᠃ | ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠠᠮᠲᠤᠷᠠᠭᠰᠠᠨ ᠬᠤᠷᠠᠯ ᠳᠤ ᠪᠤᠰᠤᠳ ᠬᠠᠮᠢᠶ᠎ᠠ ᠪᠦᠬᠦᠢ | ᠰᠠᠯᠠᠭ᠎ᠠ ᠮᠥᠴᠢᠷ ᠪᠠ ᠨᠢᠭᠡᠴᠢ ᠶᠢ ᠤᠷᠢᠨ ᠣᠷᠣᠯᠴᠠᠭᠤᠯᠵᠤ ᠪᠣᠯᠣᠨ᠎ᠠ᠃ | ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠳᠤ ᠪᠠᠶᠢᠷᠢᠯᠠᠭᠤᠯᠵᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠯᠢ ᠠᠢ ᠵᠢᠶᠦ᠋ᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠪᠡ᠃ | ᠭᠤᠷᠪᠠ᠂ ᠬᠤᠷᠠᠯ ᠤᠨ ᠲᠣᠭᠲᠠᠴᠠ | ᠬᠠᠮᠲᠤᠷᠠᠭᠰᠠᠨ ᠬᠤᠷᠠᠯᠳᠤᠭᠠᠨ ᠳᠤ ᠪᠥᠬᠦᠳᠡ ᠬᠤᠷᠠᠯ ᠪᠠ ᠲᠤᠰᠬᠠᠢ ᠰᠡᠳᠦᠪᠲᠦ ᠬᠤᠷᠠᠯ ᠪᠠᠭᠲᠠᠨ᠎ᠠ᠃ | ᠪᠥᠬᠦᠳᠡ ᠬᠤᠷᠠᠯ ᠢ ᠵᠠᠷᠴᠢᠮ ᠳᠡᠭᠡᠷ᠎ᠡ ᠪᠠᠨ ᠬᠠᠭᠠᠰ ᠵᠢᠯ ᠳᠤ ᠨᠢᠭᠡ ᠤᠳᠠᠭ᠎ᠠ ᠬᠤᠷᠠᠯᠳᠤᠭᠤᠯᠤᠨ᠎ᠠ᠂ | ᠬᠤᠷᠠᠯᠳᠤᠭᠤᠯᠤᠭᠴᠢ ᠪᠤᠶᠤ ᠲᠡᠭᠦᠨ ᠤ ᠨᠠᠶᠢᠳᠠᠭᠰᠠᠨ ᠳᠡᠳ᠋ ᠬᠤᠷᠠᠯᠳᠤᠭᠤᠯᠤᠭᠴᠢ ᠠᠴᠠ ᠡᠷᠬᠢᠯᠡᠵᠤ᠂ ᠬᠠᠮᠲᠤᠷᠠᠭᠰᠠᠨ | ᠬᠤᠷᠠᠯᠳᠤᠭᠠᠨ ᠤ ᠠᠯᠪᠠᠨ ᠭᠡᠷ ᠠᠴᠠ ᠳᠠᠭᠠᠭᠠᠨ ᠡᠷᠬᠢᠯᠡᠵᠤ᠂ ᠪᠦᠬᠦ ᠪᠦᠷᠢᠯᠳᠦᠭᠦᠨ ᠨᠠᠷ ᠣᠷᠣᠯᠴᠠᠨ᠎ᠠ᠃ ᠭᠤᠣᠯ | ᠡᠭᠦᠷᠭᠡ ᠪᠣᠯ᠄ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠴᠢᠬᠤᠯᠠ ᠵᠢᠭᠠᠪᠤᠷᠢ᠂ ᠲᠣᠭᠲᠠᠭᠠᠯ ᠪᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠤᠨ ᠳᠤᠷᠠᠳᠤᠨ᠎ᠠ; ᠪᠦᠷᠢᠯᠳᠦᠭᠦᠨ ᠨᠢᠭᠡᠴᠢ ᠶᠢᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ; ᠬᠢᠲᠠᠳ ᠡᠮ ᠡᠮᠨᠡᠯᠭᠡ ᠶᠢᠨ ᠠᠵᠢᠯ ᠤᠨ ᠬᠥᠭᠵᠢᠯᠲᠡ ᠳᠤ | ᠬᠤᠯᠪᠣᠭᠳᠠᠬᠤ ᠴᠢᠬᠤᠯᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠤᠳᠤᠷᠢᠳᠬᠤ ᠳᠤᠭᠤᠶᠢᠯᠠᠩ ᠤᠨ ᠰᠤᠳᠤᠯᠬᠤ | ᠴᠢᠬᠤᠯᠠᠲᠠᠢ ᠪᠤᠰᠤᠳ ᠵᠦᠢᠯᠡᠰ ᠢ ᠶᠠᠷᠢᠯᠴᠠᠨ᠎ᠠ᠃ | ᠲᠤᠰᠬᠠᠢ ᠰᠡᠳᠦᠪᠲᠦ ᠬᠤᠷᠠᠯᠳᠤᠭᠠᠨ ᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠬᠤᠷᠠᠯᠳᠤᠭᠤᠯᠤᠨ᠎ᠠ᠂ ᠭᠤᠣᠯ ᠡᠭᠦᠷᠭᠡ ᠪᠣᠯ᠄ ᠬᠢᠲᠠᠳ ᠡᠮ ᠡᠮᠨᠡᠯᠭᠡ ᠶᠢᠨ ᠬᠦᠷᠢᠶᠡᠨ ᠳᠠᠬᠢ | ᠲᠤᠰᠬᠠᠢ ᠠᠵᠢᠯ ᠢ ᠪᠠᠶᠢᠷᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠤᠷᠠᠯ ᠤᠨ ᠴᠠᠭ᠂ ᠵᠥᠪᠯᠡᠬᠦ ᠰᠡᠳᠦᠪ ᠵᠢᠴᠢ | ᠬᠤᠷᠠᠯ ᠳᠤ ᠣᠷᠣᠯᠴᠠᠬᠤ ᠬᠡᠪᠴᠢᠶ᠎ᠡ ᠶᠢ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ ᠪᠤᠶᠤ ᠲᠡᠭᠦᠨ ᠤ | ᠨᠠᠶᠢᠳᠠᠭᠰᠠᠨ ᠳᠡᠳ᠋ ᠬᠤᠷᠠᠯᠳᠤᠭᠤᠯᠤᠭᠴᠢ ᠠᠴᠠ ᠲᠣᠭᠲᠠᠭᠠᠨ᠎ᠠ᠃ ᠪᠦᠷᠢᠯᠳᠦᠭᠦᠨ ᠨᠢᠭᠡᠴᠢ ᠨᠦᠭᠦᠳ ᠠᠵᠢᠯ ᠤᠨ | ᠬᠡᠷᠡᠭᠴᠡᠭᠡ ᠪᠠᠨ ᠦᠨᠳᠦᠰᠦᠯᠡᠨ ᠬᠤᠷᠠᠯ ᠬᠤᠷᠠᠯᠳᠤᠭᠤᠯᠬᠤ ᠰᠠᠨᠠᠭᠤᠯᠭ᠎ᠠ ᠪᠠ ᠵᠥᠪᠯᠡᠬᠦ ᠰᠡᠳᠦᠪ ᠢᠶᠠᠨ ᠳᠤᠷᠠᠳᠴᠤ | ᠪᠣᠯᠣᠨ᠎ᠠ᠃ | ᠬᠠᠮᠲᠤᠷᠠᠭᠰᠠᠨ ᠬᠤᠷᠠᠯ ᠨᠢ ᠲᠣᠪᠴᠢ ᠲᠡᠮᠳᠡᠭᠯᠡᠯ ᠤᠨ ᠬᠡᠯᠪᠡᠷᠢ ᠪᠠᠷ ᠬᠤᠷᠠᠯ ᠤᠨ ᠵᠥᠪᠯᠡᠨ ᠲᠣᠭᠲᠠᠭᠠᠭᠰᠠᠨ | ᠵᠦᠢᠯᠡᠰ ᠢ ᠲᠣᠳᠣᠷᠬᠠᠶᠢᠯᠠᠵᠤ᠂ ᠡᠯ᠎ᠡ ᠪᠦᠷᠢᠯᠳᠦᠭᠦᠨ ᠨᠢᠭᠡᠴᠢ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ | ᠳᠠᠷᠤᠮᠠᠯᠯᠠᠨ ᠲᠠᠷᠬᠠᠭᠠᠵᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠦᠢᠯᠡᠰ ᠢ ᠲᠠᠰ ᠳᠠᠷᠠᠭᠠᠯᠠᠯ | ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠣᠭᠲᠠᠮᠠᠯ | ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠳᠤ ᠮᠡᠳᠡᠭᠦᠯᠬᠦ ᠬᠡᠷᠡᠭᠲᠡᠢ᠃ | ᠳᠥᠷᠪᠡ᠂ ᠠᠵᠢᠯ ᠤᠨ ᠱᠠᠭᠠᠷᠳᠠᠯᠭ᠎ᠠ | ᠡᠯ᠎ᠡ ᠪᠦᠷᠢᠯᠳᠦᠭᠦᠨ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ | ᠬᠢᠲᠠᠳ ᠡᠮ ᠡᠮᠨᠡᠯᠭᠡ ᠶᠢᠨ ᠠᠵᠢᠯ ᠤᠨ ᠬᠤᠯᠪᠣᠭᠳᠠᠯ ᠪᠦᠬᠦᠢ ᠠᠰᠠᠭᠤᠳᠠᠯ ᠢ ᠭᠦᠨᠵᠡᠭᠡᠢ ᠰᠤᠳᠤᠯᠵᠤ᠂ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠪᠤᠶᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠰᠠᠨᠠᠭᠤᠯᠭ᠎ᠠ ᠳᠤᠷᠠᠳᠬᠤ ᠬᠡᠷᠡᠭᠲᠡᠢ︔ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠬᠠᠮᠲᠤᠷᠠᠭᠰᠠᠨ | ᠬᠤᠷᠠᠯ ᠢᠶᠠᠷ ᠶᠠᠷᠢᠯᠴᠠᠬᠤ ᠴᠢᠬᠤᠯᠠᠲᠠᠢ ᠵᠥᠪᠯᠡᠬᠦ ᠰᠡᠳᠦᠪ ᠢ ᠴᠠᠭ ᠲᠤᠬᠠᠢ ᠳᠤᠨᠢ ᠳᠤᠷᠠᠳᠤᠨ ᠭᠠᠷᠭᠠᠵᠤ᠂ | ᠬᠠᠮᠲᠤᠷᠠᠭᠰᠠᠨ ᠬᠤᠷᠠᠯ ᠠᠴᠠ ᠲᠣᠭᠲᠠᠭᠠᠭᠰᠠᠨ ᠠᠵᠢᠯ ᠤᠨ ᠡᠭᠦᠷᠭᠡ ᠪᠠ ᠵᠥᠪᠯᠡᠨ ᠲᠣᠭᠲᠠᠭᠠᠭᠰᠠᠨ ᠵᠦᠢᠯᠡᠰ ᠢ | ᠬᠢᠨᠠᠮᠠᠭᠠᠢ ᠨᠠᠶᠢᠳᠠᠪᠤᠷᠢᠵᠢᠭᠤᠯᠤᠨ᠎ᠠ︔ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠬᠠᠷᠢᠯᠴᠠᠨ ᠳᠡᠮᠵᠢᠵᠦ᠂ | ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠮᠲᠤᠷᠠᠭᠰᠠᠨ ᠬᠤᠷᠠᠯ ᠤᠨ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ᠡᠯ᠎ᠡ ᠪᠦᠷᠢᠯᠳᠦᠭᠦᠨ ᠨᠢᠭᠡᠴᠢ ᠨᠢ ᠵᠢᠯ ᠪᠦᠷᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠲᠣᠰ | ᠰᠠᠯᠠᠭ᠎ᠠ ᠮᠥᠴᠢᠷ ᠤᠨ ᠢᠶᠠᠨ ᠬᠢᠲᠠᠳ ᠡᠮ ᠡᠮᠨᠡᠯᠭᠡ ᠶᠢᠨ ᠬᠥᠭᠵᠢᠯᠲᠡ ᠶᠢ ᠠᠬᠢᠭᠤᠯᠬᠤ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠭᠰᠡᠨ ᠠᠵᠢᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠬᠠᠮᠲᠤᠷᠠᠭᠰᠠᠨ ᠬᠤᠷᠠᠯ ᠤᠨ ᠠᠯᠪᠠᠨ | ᠭᠡᠷ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠳᠡᠭᠡᠭᠰᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ | ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃ | ᠳᠠᠭᠠᠯᠳᠤᠭᠤᠯᠤᠯ᠄ ᠬᠤᠷᠴᠢᠨ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ᠤᠨ | ᠪᠦᠷᠢᠯᠳᠦᠭᠦᠨ ᠤ ᠨᠡᠷᠡᠰ | ᠬᠤᠷᠴᠢᠨ ᠲᠣᠭᠤᠷᠢᠭ ᠤᠨ ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ᠤᠨ | ᠭᠡᠰᠢᠭᠦᠳ ᠤᠨ ᠨᠡᠷᠡᠰ | ᠴᠤᠭᠯᠠᠭᠤᠯᠤᠭᠴᠢ᠄ ᠶᠠᠩ ᠰᠢᠸ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠡᠳ᠋ ᠬᠤᠷᠠᠯᠳᠤᠭᠤᠯᠤᠭᠴᠢ᠄ ᠡᡁᠸ ᠰᠢᠸ ᠯᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠳᠡᠳ᠋ ᠡᠷᠬᠢᠯᠡᠭᠴᠢ | ᠯᠢ ᠠᠢ ᠵᠢᠶᠦ᠋ᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠪᠦᠷᠢᠯᠳᠦᠭᠦᠨ᠄ ᠯᠢᠦ ᠶᠠᠩ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ | ᠱᠤᠤ ᠰᠢᠤᠸᠠᠢ ᠳ᠋ᠦᠩ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ | ᠵᠠᠩ ᠬᠤᠩ ᠸᠧᠢ ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠨ | ᠡᠷᠬᠢᠯᠡᠭᠴᠢ | ᠱᠤᠤ ᠬᠠᠢ ᠴᠢᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠱᠢ ᠵᠢᠶᠠ ᠭᠧᠩ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ | ᠵᠧᠦ ᠭᠤᠸᠠᠩ ᠽᠧ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ | ᠴᠧᠨ ᠬᠤᠩ ᠮᠢᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ | ᠰᠦᠩ ᠶᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ | ᠵᠠᠩ ᠵᠧᠨ ᠾᠧ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠠᠷᠤᠭ᠎ᠠ | ᠲᠢᠶᠠᠨ ᠮᠣᠣ ᠺᠦᠨ ᠲᠣᠭᠤᠷᠢᠭ ᠤᠨ ᠰᠣᠶᠣᠯ ᠵᠤᠭᠠᠴᠠᠯ ᠤᠨ ᠲᠣᠪᠴᠢᠶᠠᠨ ᠤ ᠳᠠᠷᠤᠭ᠎ᠠ | ᠵᠠᠢ ᠢᠦᠢ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ | ᠴᠢ ᠬᠦᠢ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ | ᠰᠢᠦᠢ ᠶᠠᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ | ᠴᠢᠨ ᠯᠢᠩ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠳᠡᠳ᠋ ᠱᠦᠵᠢ | ᠢᠦᠢ ᠯᠢ ᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | | | | | | |