ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ ᠬᠡᠷᠡᠭ ᠤᠨ ᠲᠡᠮᠳᠡᠭᠯᠡᠯ ︵2023 ᠣᠨ ᠤ 4 ᠰᠠᠷ᠎ᠠ︶
ᠨᠡᠶᠢᠲᠡᠯᠡᠭᠰᠡᠨ ᠴᠠᠭ᠄
2023/7/1
      4 ᠰᠠᠷ᠎ᠠ ᠶᠢᠨ 1 ᠤ ᠡᠳᠦᠷ ᠠᠴᠠ 2  ᠤᠨ ᠡᠳᠦᠷ ᠪᠣᠯᠲᠠᠯ᠎ᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠪᠦᠯᠬᠦᠮ ᠳᠠᠭᠠᠭᠤᠯᠤᠨ ᠬᠥᠳᠡᠭᠡ ᠪᠠᠭᠤᠵᠤ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠲᠦᠷᠦᠯ ᠵᠦᠢᠯ ᠢ ᠪᠠᠶᠢᠴᠠᠭᠠᠨ ᠰᠤᠳᠤᠯᠵᠠᠢ᠃     ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠬᠤᠷᠴᠢᠨ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠱᠠᠩᠬᠠᠢ ᠶᠢᠨ ᠢᠥ ᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠪᠣᠬᠢᠷᠲᠤᠯ ᠦᠭᠡᠢ ᠡᠷᠭᠢᠯᠲᠡᠲᠦ ᠠᠯᠠᠰᠢᠨ ᠦᠬᠡᠷ ᠤᠨ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃       4 ᠰᠠᠷ᠎ᠠ ᠶᠢᠨ 3 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠬᠤᠪᠢᠶᠠᠷᠢ ᠲᠣᠪᠴᠢᠶᠠᠨ ᠤ ᠨᠠᠮ ᠤᠨ ᠬᠤᠷᠢᠶᠠᠨ ᠤ ︵ᠥᠷᠭᠡᠳᠬᠡᠭᠰᠡᠨ︶ ᠵᠢᠷᠭᠤᠳᠤᠭᠠᠷ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃       4 ᠰᠠᠷ᠎ᠠ ᠶᠢᠨ 4 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ︽ᠨᠠᠮ ᠤᠨ ᠪᠠᠶᠢᠭᠤᠯᠤᠯᠲᠠ ᠶᠢ ᠠᠳᠬᠤᠵᠤ᠂ ᠬᠡᠪ ᠴᠢᠨᠠᠷ ᠢ ᠴᠢᠩᠭᠠᠳᠬᠠᠨ᠂ ᠰᠤᠷᠲᠠᠯ ᠢ ᠴᠡᠭᠴᠡᠯᠡᠵᠦ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠢ ᠠᠵᠢᠯᠯᠠᠭ᠎ᠠ ᠶᠢᠨ ᠨᠢᠭᠡᠳᠦᠭᠡᠷ ᠤᠯᠠᠷᠢᠯ ᠤᠨ ᠳ᠋ᠦᠩᠨᠡᠯᠲᠡ ᠶᠢᠨ ᠬᠤᠷᠠᠯ ᠵᠢᠴᠢ ᠬᠤᠶᠠᠳᠤᠭᠠᠷ ᠤᠯᠠᠷᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       4 ᠰᠠᠷ᠎ᠠ ᠶᠢᠨ 5 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠠᠮᠢ ᠠᠬᠤᠢ ᠶᠢ ᠰᠡᠷᠭᠦᠭᠡᠬᠦ ᠪᠠ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠢᠪᠡ᠃       4 ᠰᠠᠷ᠎ᠠ ᠶᠢᠨ 6 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠶᠣᠰᠣ ᠮᠣᠷᠠᠯ ᠤᠨ ᠵᠢᠱᠢᠶᠡᠴᠢ ᠶᠢᠨ ᠦᠶᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃       4 ᠰᠠᠷ᠎ᠠ ᠶᠢᠨ 7 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ︽ᠠᠵᠤ ᠠᠬᠤᠶᠢᠯᠠᠯ ᠳᠤ ᠠᠰᠢᠭᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠤᠨ ᠡᠳᠦᠷ ᠤᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃       4 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠮᠠᠲ᠋ᠧᠷᠢᠶᠠᠯ ᠤᠨ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠣᠯᠴᠠᠪᠠ᠃       4 ᠰᠠᠷ᠎ᠠ ᠶᠢᠨ 10 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠬᠥᠳᠡᠭᠡ ᠪᠠᠭᠤᠵᠤ ᠪᠦᠬᠦ ᠲᠣᠭᠤᠷᠢᠭ ᠤᠨ ᠬᠠᠪᠤᠷ ᠤᠨ ᠤᠯᠠᠷᠢᠯ ᠤᠨ ᠣᠶᠢᠵᠢᠭᠤᠯᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠠᠢ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠤᠬᠠᠭᠤᠯᠭ᠎ᠠ ᠶᠢᠨ ᠠᠵᠢᠯ ᠵᠢᠴᠢ ᠤᠯᠠᠭᠠᠨᠮᠥ᠋ᠴᠢᠷ ᠤᠨ ᠲᠤᠭ ᠣᠯᠭᠤᠬᠤ ᠶᠣᠰᠣᠯᠠᠯ ᠳᠤ ᠣᠷᠣᠯᠴᠠᠪᠠ᠃       4 ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ  ᠪᠠᠢ ᠪᠠᠭᠠᠨ᠎ᠠ ᠪᠥᠬᠦ ᠲᠣᠭᠤᠷᠢᠭ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠲᠣᠬᠢᠷᠠᠭᠤᠯᠤᠯᠲᠠ ᠬᠢᠵᠦ᠂ ᠲᠤᠰᠬᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       4 ᠰᠠᠷ᠎ᠠ ᠶᠢᠨ 13 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠪᠥᠬᠦ ᠲᠣᠭᠤᠷᠢᠭ ᠤᠨ ᠬᠠᠪᠤᠷ ᠤᠨ ᠤᠯᠠᠷᠢᠯ ᠤᠨ ᠣᠶᠢᠵᠢᠭᠤᠯᠤᠯᠲᠠ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠪᠠ᠃       4 ᠰᠠᠷ᠎ᠠ ᠶᠢᠨ 14 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠪᠦᠬᠦ ᠶᠠᠪᠤᠴᠠ ᠪᠠᠷ ᠵᠡᠭᠦᠨᠭᠠᠷ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠪᠠᠷ᠎ᠠ ᠪᠣᠯᠵᠤ ᠬᠤᠪᠢᠶᠠᠷᠢ ᠲᠣᠪᠴᠢᠶ᠎ᠠ ᠶᠢᠨ ᠲᠤᠸᠠᠨ ᠵᠢᠶᠧ ᠲᠣᠮᠢᠯᠠᠭᠰᠠᠨ ᠰᠠᠯᠪᠤᠷᠢ᠂ ᠸᠠᠨ ᠳ᠋ᠠ ᠴᠠᠭᠳᠠᠭᠠᠨ ᠤ ᠶᠠᠪᠤᠳᠠᠯ ᠤᠨ ᠦᠷᠳᠡᠭᠡ᠂ ᠰᠡᠳᠬᠢᠯᠭᠡ ᠶᠢᠨ ᠵᠢᠭᠠᠯᠲᠠ ᠶᠢᠨ ᠲᠥᠪ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳᠤ ᠵᠢᠶᠦ᠋ᠨ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠤᠷᠠᠯ ᠳᠤ ᠣᠷᠣᠯᠴᠠᠪᠠ᠃       4 ᠰᠠᠷ᠎ᠠ ᠶᠢᠨ 16 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ  ᠪᠥᠬᠦ ᠲᠣᠭᠤᠷᠢᠭ ᠤᠨ ᠠᠯᠠᠰᠢᠨ ᠦᠬᠡᠷ ᠤᠨ ᠠᠵᠤ ᠦᠢᠯᠡᠰ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃       4  ᠰᠠᠷ᠎ᠠ ᠶᠢᠨ 17 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠪᠥᠬᠦ ᠲᠣᠭᠤᠷᠢᠭ ᠤᠨ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳᠤ ᠵᠢᠶᠦ᠋ᠨ ᠪᠦᠬᠦ ᠬᠤᠳᠠ ᠶᠢᠨ ᠲᠣᠮᠢᠯᠠᠭᠰᠠᠨ ᠰᠠᠯᠪᠤᠷᠢ ᠶᠢᠨ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠪᠠ᠃        ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ 2023 ᠣᠨ ᠤ ᠬᠤᠷᠴᠢᠨ ᠲᠣᠭᠤᠷᠢᠭ ᠤᠨ ᠦᠨᠳᠦᠰᠦᠲᠡᠨ ᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠦᠯᠬᠢᠨ ᠠᠬᠢᠭᠤᠯᠬᠤ ᠬᠤᠷᠠᠯ ᠳᠤ ᠣᠷᠣᠯᠴᠠᠪᠠ᠃       4 ᠰᠠᠷ᠎ᠠ ᠶᠢᠨ 18 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠧᠦ ᠳ᠋ᠧ ᠵᠢᠶᠦ᠋ᠨ ᠬᠤᠪᠢᠶᠠᠷᠢ ᠲᠣᠪᠴᠢᠶᠠᠨ ᠤ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠳᠣᠯᠣᠳᠤᠭᠠᠷ ᠤᠳᠠᠭᠠᠨ ᠤ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ᠃       4 ᠰᠠᠷ᠎ᠠ ᠶᠢᠨ 19 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠪᠥᠬᠦ ᠬᠤᠲᠠ ᠶᠢᠨ 2023 ᠬᠤᠣᠷᠲᠤ ᠡᠳ᠋ ᠢ ᠴᠠᠭᠠᠵᠠᠯᠠᠬᠤ ᠠᠵᠢᠯ ᠤᠨ ᠬᠤᠷᠠᠯᠳᠤᠭᠠᠨ ᠳᠤ ᠣᠷᠣᠯᠴᠠᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠰᠠᠨ ᠢ ᠲᠠᠩ ᠲᠠᠷᠢᠶᠠᠯᠠᠩ ᠤᠨ ᠲᠠᠯᠠᠪᠠᠢ ᠳᠤ ᠭᠦᠨᠵᠡᠭᠡᠶᠢᠷᠡᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠪᠠ᠃       4 ᠰᠠᠷ᠎ᠠ ᠶᠢᠨ 20 ᠤ ᠡᠳᠦᠷ  ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠴᠠᠭᠳᠠᠭᠠᠨ ᠤ ᠬᠦᠴᠦᠨ ᠢ ᠳᠣᠷᠣᠭᠰᠢ ᠪᠠᠭᠤᠯᠭᠠᠬᠤ ᠵᠢᠴᠢ ᠲᠣᠮᠢᠯᠠᠭᠰᠠᠨ ᠰᠠᠯᠪᠤᠷᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠹᠠᠨ ᡁᠢ ᠫᠢᠩ ᠨᠠᠷ ᠬᠤᠪᠢᠶᠠᠷᠢ ᠲᠣᠪᠴᠢᠶ᠎ᠠ ᠶᠢᠨ ᠲᠤᠷᠰᠢᠨ ᠪᠠᠶᠢᠴᠠᠭᠠᠵᠤ ᠬᠢᠨᠠᠯᠲᠠ ᠲᠠᠯᠪᠢᠬᠤ ᠪᠠ ᠬᠠᠮᠵᠢᠯᠴᠠᠨ ᠬᠠᠮᠵᠢᠯᠴᠠᠬᠤ ᠠᠯᠪᠠᠨ ᠭᠡᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠪᠥᠬᠦ ᠶᠠᠪᠤᠴᠠ ᠳᠤ ᠪᠠᠷ᠎ᠠ ᠪᠣᠯᠵᠤ ᠠᠵᠢᠯ ᠤᠨ ᠬᠠᠷᠢᠭᠤ ᠮᠡᠳᠡᠭᠦᠯᠦᠯᠲᠡ ᠬᠢᠪᠡ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠬᠤᠷᠴᠢᠨ ᠲᠣᠭᠤᠷᠢᠭ ᠤᠨ 2023 ᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃       4 ᠰᠠᠷ᠎ᠠ ᠶᠢᠨ 24 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠪᠥᠬᠦ ᠲᠣᠭᠤᠷᠢᠭ ᠤᠨ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃       4 ᠰᠠᠷ᠎ᠠ ᠶᠢᠨ 27 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠲᠦᠩᠯᠢᠶᠣᠣ ᠬᠤᠳᠠ ᠶᠢᠨ ᠴᠢᠬᠤᠯᠠ ᠶᠡᠭᠡ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠲᠦᠷᠦᠯ ᠵᠦᠢᠯ ᠤᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠳᠤ ᠪᠠᠷ᠎ᠠ ᠪᠣᠯᠵᠤ ᠬᠥᠳᠡᠭᠡ ᠪᠠᠭᠤᠵᠤ ᠪᠠᠶᠢᠴᠠᠭᠠᠨ ᠰᠤᠳᠤᠯᠤᠯᠲᠠ ᠬᠢᠵᠡᠢ᠃ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号