ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠣ ᠬᠡᠷᠡᠭ ᠤᠨ ᠲᠡᠮᠳᠡᠭᠯᠡᠯ ︵2023 ᠣᠨ ᠤ 6 ᠰᠠᠷ᠎ᠠ︶
ᠨᠡᠶᠢᠲᠡᠯᠡᠭᠰᠡᠨ ᠴᠠᠭ᠄
2023/7/1
      6 ᠰᠠᠷ᠎ᠠ ᠶᠢᠨ 1  ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠢᠴᠢ ᠭᠤᠣᠯᠳᠠᠯᠭ᠎ᠠ ᠲᠠᠢ ᠲᠦᠷᠦᠯ ᠵᠦᠢᠯ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳᠤ ᠵᠢᠶᠦ᠋ᠨ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ︵ᠥᠷᠭᠡᠳᠬᠡᠭᠰᠡᠨ︶ ᠶᠢᠨ ᠨᠠᠢᠮᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃       6 ᠰᠠᠷ᠎ᠠ ᠶᠢᠨ 3 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠮᠤᠷ ᠢ ᠬᠠᠮᠠᠭᠠᠯᠠᠬᠤ ᠠᠵᠢᠯ ᠢ ᠲᠦᠯᠬᠢᠨ ᠠᠬᠢᠭᠤᠯᠬᠤ ᠬᠤᠷᠠᠯ ᠳᠤ ᠣᠷᠣᠯᠴᠠᠪᠠ᠃       6 ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠲᠠᠯ᠎ᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠪᠦᠯᠬᠦᠮ ᠳᠠᠭᠠᠭᠤᠯᠤᠨ ᠬᠥᠬᠡᠬᠤᠲᠠ ᠶᠢᠨ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠲᠤ ᠬᠦᠷᠴᠦ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠰᠤᠷᠤᠯᠴᠠᠨ ᠪᠠᠶᠢᠴᠠᠭᠠᠨ ᠰᠤᠳᠤᠯᠪᠠ᠃       6 ᠰᠠᠷ᠎ᠠ ᠶᠢᠨ 9 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳᠤ ᠵᠢᠶᠦ᠋ᠨ ᠬᠤᠪᠢᠶᠠᠷᠢ ᠲᠣᠪᠴᠢᠶ᠎ᠠ ᠶᠢᠨ︽6·54︾ ᠤ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠬᠤᠷᠴᠢᠨ ᠲᠣᠭᠤᠷᠢᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃       6 ᠰᠠᠷ᠎ᠠ ᠶᠢᠨ 13 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠤᠷᠢᠭ ᠤᠨ ᠬᠤᠣᠷᠲᠤ ᠡᠳ᠋ ᠢ ᠴᠠᠭᠠᠵᠠᠯᠠᠬᠤ ᠰᠠᠭᠤᠷᠢᠨ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ᠃      6 ᠰᠠᠷ᠎ᠠ ᠶᠢᠨ 15 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠪᠦᠯᠬᠦᠮ ᠳᠠᠭᠠᠭᠤᠯᠤᠨ ᠭᠤᠣᠯ ᠬᠤᠲᠠ ᠶᠢᠨ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠠᠶᠢᠩᠭᠤᠵᠢᠭᠰᠠᠨ ᠬᠠᠮᠢᠶᠠᠷᠤᠯᠲᠠ ᠶᠢᠨ ᠪᠠᠶᠢᠳᠠᠯ ᠢ ᠬᠢᠨᠠᠨ ᠵᠢᠯᠣᠭᠤᠳᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳᠤ ᠵᠢᠶᠦ᠋ᠨ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ︵ᠥᠷᠭᠡᠳᠬᠡᠭᠰᠡᠨ︶ ᠶᠢᠨ ᠶᠢᠰᠦᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃       6 ᠰᠠᠷ᠎ᠠ ᠶᠢᠨ 16 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠰᠢᠸ ᠶᠤᠸᠠᠨ ᠲᠥᠪᠯᠡᠷᠡᠯ ᠠᠴᠠ ᠰᠠᠯᠤᠭᠰᠠᠨ ᠨᠢᠳᠦᠨ ᠰᠢᠯ   ᠪᠡᠯᠡᠭᠯᠡᠨ ᠬᠦᠷᠭᠡᠬᠦ ᠶᠣᠰᠣᠯᠠᠯ ᠳᠤ ᠣᠷᠣᠯᠴᠠᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ ᠬᠤᠷᠴᠢᠨ ᠤ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠫᠠᠶᠢᠰᠠ ᠰᠡᠬᠦᠵᠦ ᠠᠵᠢᠯᠯᠠᠬᠤ ᠵᠢᠴᠢ ︽ᠵᠠᠭᠤᠨ ᠡᠳᠦᠷ ᠲᠤ ᠮᠢᠩᠭᠠᠨ ᠲᠦᠮᠡᠨ ᠠᠵᠢᠯ ᠤᠨ ᠪᠠᠶᠢᠷᠢ ᠶᠢ ᠬᠠᠩᠭᠠᠬᠤ︾ ᠰᠢᠷᠢᠰ ᠠᠵᠢᠯᠲᠠᠨ ᠡᠯᠰᠡᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃       6 ᠰᠠᠷ᠎ᠠ ᠶᠢᠨ 18 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᠵᠥᠩ ᠯᠢ᠂ ᠶᠠᠩ ᠰᠢᠸ ᠶᠤᠸᠠᠨ ᠲᠡᠮᠦᠷ ᠵᠠᠮ ᠤᠨ ᠡᠮᠦᠨᠡᠲᠦ ᠬᠡᠰᠡᠭ ᠤᠨ ᠲᠣᠭᠤᠷᠢᠭ ᠤᠨ ᠰᠢᠨ᠎ᠡ ᠪᠠᠷ ᠪᠠᠶᠢᠭᠤᠯᠬᠤ ᠳᠤᠮᠳᠠᠳᠤ ᠪᠠᠭ᠎ᠠ ᠰᠤᠷᠭᠠᠭᠤᠯᠢ ᠶᠢᠨ ᠲᠥᠷᠥᠯ ᠵᠦᠢᠯ ᠢ ᠰᠤᠳᠤᠯᠬᠤ ᠲᠤᠬᠠᠢ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃       6 ᠰᠠᠷ᠎ᠠ ᠶᠢᠨ 19 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ ᠪᠠᠶᠢᠭᠤᠯᠤᠯᠲᠠ ᠶᠢᠨ ᠲᠦᠮᠡᠨ ᠲᠣᠯᠣᠭᠠᠢ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠰᠠᠭᠤᠷᠢᠨ ᠤ ᠬᠠᠮᠢᠶ᠎ᠠ ᠪᠦᠬᠦᠢ ᠶᠠᠪᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃       6 ᠰᠠᠷ᠎ᠠ ᠶᠢᠨ 21 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠠᠯᠠᠰᠢᠨ ᠦᠬᠡᠷ ᠨᠢᠲᠤᠯᠵᠤ ᠨᠠᠷᠢᠯᠢᠭ ᠡᠳ᠋ᠰᠢᠭᠦᠯᠬᠦ + ᠰᠢᠨ᠎ᠡ ᠡᠨᠧᠷᠭᠢ ᠶᠢᠨ ᠲᠥᠷᠥᠯ ᠵᠦᠢᠯ ᠪᠠ ᠪᠡᠯᠡᠳᠭᠡᠮᠵᠢᠳᠤ ᠲᠠᠷᠢᠶᠠᠯᠠᠩ + ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠳᠤᠮᠳᠠ ᠲᠠᠷᠢᠶᠠᠴᠢᠨ ᠤ ᠴᠧᠩ ᠲᠧᠦ ᠪᠡᠯᠡ ᠣᠷᠣᠭᠤᠯᠤᠯᠲᠠ ᠶᠢᠨ ︵ᠭᠢᠷᠢᠨ︶ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃        ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠬᠤᠷᠴᠢᠨ ᠲᠣᠭᠤᠷᠢᠭ ᠤᠨ ᠬᠤᠣᠷ ᠴᠠᠭᠠᠵᠠᠯᠠᠬᠤ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠭᠰᠠᠨ ᠪᠥᠭᠡᠳ ᠺᠠᠩ ᠰᠢᠶᠣᠣ ᠳ᠋ᠦᠩ ᠲᠣᠭᠤᠷᠢᠭ ᠤᠨ ᠳᠠᠷᠤᠭ᠎ᠠ ᠳᠤ ᠪᠠᠷ᠎ᠠ ᠪᠣᠯᠵᠤ ᠬᠤᠣᠷ ᠴᠠᠭᠠᠵᠠᠯᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ  ᠢ ᠲᠣᠭᠤᠷᠢᠨ ᠦᠵᠡᠪᠡ᠃       6 ᠰᠠᠷ᠎ᠠ ᠶᠢᠨ 24 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠬᠤᠷᠠᠯ ᠤᠨ ᠭᠡᠷ ᠲᠤ ᠵᠣᠬᠢᠶᠠᠨ ᠪᠠᠶᠢᠭᠤᠯᠤᠭᠰᠠᠨ ︽ᠭᠤᠷᠪᠠᠨ ᠳᠠᠷᠤᠭ᠎ᠠ ᠨᠠᠷ ᠤᠨ ᠬᠤᠷᠠᠯ︾ ᠳᠤ ᠣᠷᠣᠯᠴᠠᠪᠠ᠃       6  ᠰᠠᠷ᠎ᠠ ᠶᠢᠨ 26 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠤᠰᠬᠠᠢ ᠮᠡᠷᠭᠡᠵᠢᠯ ᠤᠨ ᠬᠤᠳᠠᠯᠳᠤᠭᠠᠴᠢᠨ ᠤᠷᠢᠬᠤ ᠳᠤᠭᠤᠶᠢᠯᠠᠩ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ᠪᠦᠬᠦ ᠬᠤᠳᠠ ᠶᠢᠨ ᠤᠯᠤᠰ ᠲᠦᠷᠦ ᠶᠢᠨ ᠠᠮᠤᠷ ᠲᠦᠪᠰᠢᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠤᠰᠬᠠᠢ ᠳᠤᠭᠤᠶᠢᠯᠠᠩ ᠤᠨ ᠠᠵᠢᠯ ᠤᠨ ᠬᠤᠷᠠᠯ ᠳᠤ ᠣᠷᠣᠯᠴᠠᠪᠠ᠃       6 ᠰᠠᠷ᠎ᠠ ᠶᠢᠨ 27 ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠪᠥᠬᠦ ᠲᠣᠭᠤᠷᠢᠭ ᠤᠨ ᠳᠡᠭᠡᠷ᠎ᠡ ᠬᠠᠭᠠᠰ ᠵᠢᠯ ᠤᠨ ᠲᠠᠷᠢᠶᠠᠯᠠᠩ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃       6 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠽᠧ ᠮᠢᠨ 2023 ᠣᠨ ᠤ ᠳᠡᠯᠡᠬᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ ᠳᠤ ᠣᠷᠣᠯᠴᠠᠪᠠ᠃       6 ᠰᠠᠷ᠎ᠠ ᠶᠢᠨ 30  ᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠪᠠᠭᠠᠨ᠎ᠠ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠲᠠᠬᠤ᠂ LXB ᠢᠨᠵᠧᠨᠧᠷᠢᠩ ᠤᠨ ᠠᠬᠢᠴᠠ ᠶᠢ ᠲᠣᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃       ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠦ ᠳ᠋ᠧ ᠵᠢᠶᠦ᠋ᠨ‌‍ᠲ᠋ᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ  ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ᠤᠯᠤᠰ ᠲᠦᠷᠦ ᠶᠢᠨ ᠠᠮᠤᠷ ᠲᠦᠪᠰᠢᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号