ᠬᠤᠷᠴᠢᠨ ᠲᠣᠭᠤᠷᠢᠭ᠄ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠣᠷ ᠴᠡᠭ ᠢ ᠳᠣᠷᠣᠭᠰᠢ ᠪᠠᠭᠤᠯᠭᠠᠵᠤ ᠮᠠᠯᠴᠢᠨ ᠲᠠᠷᠢᠶᠠᠴᠢᠨ ᠤ ︽ᠣᠶᠢᠷ᠎ᠠ ᠬᠠᠪᠢ ᠳᠠᠭᠠᠨ ᠡᠷᠭᠢᠯᠡᠬᠦ︾ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2023/7/10
     ᠡᠨᠡ ᠵᠢᠯ᠂ ᠬᠤᠷᠴᠢᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠷᠠᠳ ᠤᠨ ᠠᠮᠢᠳᠤᠷᠠᠯ ᠤᠨ ︽ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠦᠯᠵᠢᠶ᠎ᠡ︾ ᠶᠢ ᠢᠳᠡᠪᠬᠢᠲᠡᠢ ᠪᠠᠶᠢᠭᠤᠯᠵᠤ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ︽ᠡᠴᠦᠰ ‍ᠦᠨ‌‍ᠬᠥ᠋ᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠪᠥᠬᠦ ᠬᠦᠴᠦᠨ ᠢᠶᠠᠷ ᠨᠡᠪᠲᠡᠷᠡᠭᠦᠯᠪᠡ᠃ ᠣᠳᠣᠬᠠᠨ ᠳᠤ᠂ ᠨᠢᠭᠡᠨᠲᠡ 10 ᠰᠤᠮᠤ ᠪᠠᠯᠭᠠᠰᠤᠨ ᠳᠤ24 ᠦᠨᠳᠦᠰᠦᠨ ᠱᠠᠲᠤᠨ ᠤ ᠣᠶᠢᠷ᠎ᠠ ᠬᠠᠪᠢ ᠠᠴᠠ ᠡᠷᠭᠢᠯᠡᠭᠰᠡᠨ ᠦᠢᠯᠡᠴᠢᠯᠡᠭᠡᠨ ᠤ ᠲᠣᠣᠷ ᠴᠡᠭ ᠢ ᠪᠠᠶᠢᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ APP ᠶᠢᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠶᠡᠭᠡ ᠲᠢᠩᠬᠢᠮ ᠳᠤ ᠲᠦᠰᠢᠭᠯᠡᠨ 51 ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠵᠦᠢᠯᠡᠰ ᠪᠠ 45 ︽ᠰᠦᠯᠵᠢᠶᠡᠨ ᠳᠡᠭᠡᠷ᠎ᠡ ᠭᠦᠢᠴᠡᠳᠬᠡᠬᠦ︾ ᠵᠦᠢᠯᠡᠰ ᠢ ᠳᠣᠷᠣᠭᠰᠢ ᠪᠠᠭᠤᠯᠭᠠᠵᠤ᠂ 24 ᠦᠨᠳᠦᠰᠦᠨ ᠱᠠᠲᠤᠨ ᠤ ︽ᠣᠶᠢᠷ᠎ᠠ ᠬᠠᠪᠢ ᠳᠠᠭᠠᠨ ᠭᠦᠢᠴᠡᠳᠬᠡᠬᠦ︾ ᠦᠢᠯᠡᠴᠢᠯᠡᠭᠡᠨ ᠤ ᠲᠣᠣᠷ ᠴᠡᠭ ᠲᠤ ᠠᠵᠢᠯ ᠣᠯᠭᠤᠬᠤ  ᠪᠠ ᠠᠳᠠᠯ ᠦᠢᠯᠡᠰ ᠴᠣᠭᠴᠠᠯᠠᠬᠤ᠂ ᠨᠠᠰᠤᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠳᠥᠷᠪᠡᠨ ᠶᠡᠭᠡ ᠲᠥᠷᠥᠯ ᠤᠨ 30 ᠦᠢᠯᠡᠴᠢᠯᠡᠭᠡᠨ ᠤ ᠵᠦᠢᠯᠡᠰ ᠢ ᠥᠷᠨᠢᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠬᠦᠴᠦᠨ ᠢᠶᠠᠷ ᠳᠡᠭᠡᠭᠰᠢᠯᠡᠭᠦᠯᠪᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号