7 ᠰᠠᠷ᠎ᠠ ᠶᠢᠨ 6 ᠤ ᠡᠳᠦᠷ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠯᠠᠰᠢᠨ ᠦᠬᠡᠷ | ᠨᠢᠲᠤᠯᠵᠤ ᠨᠠᠷᠢᠯᠢᠭ ᠡᠳ᠋ᠰᠢᠭᠦᠯᠬᠦ ᠰᠢᠨ᠎ᠡ ᠡᠨᠧᠷᠭᠢ ᠶᠢᠨ ᠲᠥᠷᠥᠯ ᠵᠦᠢᠯ ᠤᠨ ᠲᠤᠬᠠᠢ ᠲᠣᠮᠳᠠᠳᠦ ᠤᠯᠤᠰ ᠤᠨ | ᠲᠠᠷᠢᠶᠠᠯᠠᠩ ᠠᠵᠤ ᠤᠶᠢᠯᠡᠰ ᠤᠨ ᠢᠲᠡᠭᠡᠮᠵᠢᠲᠦ ᠪᠡᠯᠡ ᠣᠷᠣᠭᠤᠯᠤᠯᠲᠠ ᠶᠢᠨ ︵ᠭᠢᠷᠢᠨ︶ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠂ ᠬᠤᠷᠴᠢᠨ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠤᠰᠬᠠᠢ ᠮᠡᠷᠭᠡᠵᠢᠯ ᠤᠨ ᠬᠤᠳᠠᠯᠳᠤᠭᠠᠴᠢᠨ | ᠤᠷᠢᠬᠤ ᠳᠤᠭᠤᠶᠢᠯᠠᠩ ᠤᠨ ᠳᠠᠷᠤᠭ᠎ᠠ ᠪᠠᠢ ᠪᠠᠭᠠᠨ᠎ᠠ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | ᠲᠣᠮᠳᠠᠳᠦ ᠤᠯᠤᠰ ᠤᠨ ᠲᠠᠷᠢᠶᠠᠯᠠᠩ ᠠᠵᠤ ᠤᠶᠢᠯᠡᠰ ᠤᠨ ᠢᠲᠡᠭᠡᠮᠵᠢᠲᠦ ᠪᠡᠯᠡ ᠣᠷᠣᠭᠤᠯᠤᠯᠲᠠ ᠶᠢᠨ︵ᠭᠢᠷᠢᠨ | ︶ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠯᠠᠰᠢᠨ ᠦᠬᠡᠷ ᠨᠢᠲᠤᠯᠵᠤ ᠪᠣᠯᠪᠠᠰᠤᠷᠠᠭᠤᠯᠬᠤ | ᠠᠵᠢᠯ ᠲᠥᠷᠥᠯ ᠤᠨ ᠲᠡᠷᠢᠭᠦᠨ ᠤ ᠲᠥᠬᠦᠭᠡᠷᠦᠮᠵᠢ ᠶᠢᠨ ᠮᠡᠷᠭᠡᠵᠢᠯ ᠢ ᠬᠡᠷᠡᠭᠯᠡᠬᠦ ᠪᠠᠷ ᠲᠥᠯᠥᠪᠯᠡᠵᠦ᠂ ᠬᠤᠷᠴᠢᠨ | ᠲᠣᠭᠤᠷᠢᠭ ᠲᠤ ᠵᠢᠯ ᠳᠤ 12 ᠲᠦᠮᠡᠨ ᠠᠯᠠᠰᠢᠨ ᠦᠬᠡᠷ ᠨᠢᠲᠤᠯᠵᠤ ᠡᠳ᠋ᠰᠢᠭᠦᠯᠬᠦ ᠬᠡᠪᠴᠢᠶ᠎ᠡ ᠲᠠᠢ ᠨᠢᠲᠤᠯᠵᠤ | ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠲᠥᠷᠥᠯ ᠵᠦᠢᠯ ᠤᠨ ᠭᠠᠵᠠᠷ ᠢ | ᠬᠤᠲᠠ ᠶᠢᠨ ᠵᠡᠭᠦᠨ ᠬᠡᠰᠡᠭ ᠤᠨ ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠲᠥᠯᠥᠪᠵᠢᠭᠦᠯᠦᠭᠰᠡᠨ ᠭᠠᠵᠠᠷ ᠲᠤ ᠰᠣᠩᠭᠤᠨ᠂ ᠬᠠᠮᠲᠤᠷᠠᠯᠴᠠᠬᠤ ᠵᠥᠪᠯᠡᠯᠴᠡᠭᠡᠷ ᠲᠣᠭᠲᠠᠭᠰᠠᠨ ᠤ ᠳᠠᠷᠠᠭ᠎ᠠ᠂ | ᠺᠣᠮᠫᠠᠨᠢ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢ ᠬᠤᠷᠴᠢᠨ ᠲᠣᠭᠤᠷᠢᠭ ᠲᠤ ᠣᠷᠣᠵᠤ᠂ ᠲᠥᠷᠥᠯ | ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | |