︽ᠬᠤᠷᠴᠢᠨ ᠲᠣᠭᠤᠷᠢᠭ ᠤᠨ ᠤᠢ ᠮᠣᠳᠣ ᠶᠢ ᠣᠭᠲᠣᠯᠵᠤ ᠰᠢᠨᠡᠳᠬᠡᠬᠦ ᠬᠠᠮᠢᠶᠠᠷᠤᠯᠲᠠ ᠶᠢᠨ ᠠᠷᠭ᠎ᠠ︾ ᠶᠢᠨ ᠬᠡᠰᠡᠭ ᠠᠭᠤᠯᠭ᠎ᠠ ᠶᠢ ᠬᠦᠴᠦᠨ ᠦᠬ᠋ᠡᠢ ᠪᠣᠯᠭᠠᠬᠤ ᠲᠤᠬᠠᠢ ᠬᠤᠷᠴᠢᠨ ᠲᠣᠭᠤᠷᠢᠭ ᠤᠨ ᠠᠷᠠᠳ ᠤᠨ ᠵᠠᠰᠠᠭ  ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/7/19
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠬᠤᠩ ᠰᠢᠩ᠂ ᠵᠢᠶᠠᠨ ᠭᠦᠸᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ᠄          ᠵᠠᠬ᠎ᠠ ᠳᠡᠯᠭᠡᠭᠦᠷ ᠤᠨ ᠡᠷᠬᠡ ᠲᠡᠭᠰᠢ ᠶᠢ ᠬᠠᠮᠠᠭᠠᠯᠠᠬᠤ ᠶᠢᠨ ᠲᠥᠯᠥᠭᠡ᠂ ᠬᠤᠷᠴᠢᠨ ᠲᠣᠭᠤᠷᠢᠭ ᠤᠨ ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︿ᠣᠶ ᠮᠣᠳᠣ ᠣᠭᠲᠣᠯᠵᠤ ᠰᠢᠨᠡᠳᠬᠡᠬᠦ ᠬᠠᠮᠢᠶᠠᠷᠤᠯᠲᠠ ᠶᠢᠨ ᠠᠷᠭ᠎ᠠ ᠶᠢᠨ ᠲᠤᠬᠠᠢ ᠮᠡᠳᠡᠭᠳᠡᠯ﹀ ᠢ ᠳᠠᠷᠤᠮᠠᠯᠯᠠᠨ ᠶᠠᠪᠤᠭᠤᠯᠬᠤ ᠲᠤᠬᠠᠢ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ︾ ︵ᠲᠦᠩᠯᠢᠶᠣᠣ ᠶᠡᠷᠦᠩᠬᠡᠢ ᠰᠠᠯᠠᠭᠠᠨ ᠤ ᠭᠤᠣᠯᠴᠢ ᠥᠷᠢᠰᠦᠯᠳᠦᠭᠡᠨ ᠤ ᠬᠠᠮᠲᠤᠷᠠᠭᠰᠠᠨ ᠬᠤᠷᠠᠯ ᠲᠠᠷᠬᠠᠭᠠᠭᠰᠠᠨ ﹇2023﹈ 15 ᠳ᠋ᠤᠭᠠᠷ ᠲᠣᠭᠠᠲᠤ︶ ᠶᠢ ᠦᠨᠳᠦᠰᠦᠯᠡᠨ᠂ ᠪᠢᠴᠢᠭ ᠮᠠᠲ᠋ᠧᠷᠢᠶᠠᠯ ᠳᠠᠬᠢ ᠭᠤᠷᠪᠠᠳᠤᠭᠠᠷ ᠵᠤᠷᠪᠤᠰ ᠤᠨ ︽ᠣᠶ ᠮᠣᠳᠣ ᠪᠣᠶᠢᠵᠢᠭᠤᠯᠬᠤ ᠰᠠᠭᠤᠷᠢ ᠮᠥᠩᠭᠦ᠂ ᠪᠠᠲᠤᠯᠠᠭ᠎ᠠ ᠶᠢᠨ ᠮᠥᠩᠭᠦ ᠬᠤᠷᠢᠶᠠᠬᠤ︾ ᠨᠢ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠠᠴᠠ ᠪᠣᠯᠵᠤ᠂ ᠲᠣᠭᠤᠷᠢᠭ ᠤᠨ ᠵᠠᠰᠠᠭ ᠤᠨ ᠣᠷᠳᠣᠨ ᠤ ᠰᠤᠳᠤᠯᠬᠤ ᠪᠠᠷ ᠲᠠᠮᠵᠢᠨ᠂ ︽ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠶᠠᠪᠤᠭᠤᠯᠤᠭᠰᠠᠨ︿ᠤᠢ ᠮᠣᠳᠣ ᠣᠭᠲᠣᠯᠵᠤ ᠰᠢᠨᠡᠳᠬᠡᠬᠦ ᠶᠢᠨ ᠬᠠᠮᠢᠶᠠᠷᠤᠯᠲᠠ ᠶᠢᠨ ᠠᠷᠭ᠎ᠠ﹀ ᠶᠢᠨ ᠲᠤᠬᠠᠢ ᠮᠡᠳᠡᠭᠳᠡᠯ︾ ︵ᠶᠡᠷᠦᠩᠬᠡᠢ ᠰᠠᠯᠠᠭ᠎ᠠ ᠵᠠᠰᠠᠭ ᠲᠠᠷᠬᠠᠭᠠᠭᠰᠠᠨ〔2006〕138 ᠳ᠋ᠤᠭᠠᠷ ᠲᠣᠭᠠᠲᠤ︶ ᠤᠨ ᠭᠤᠷᠪᠠᠳᠤᠭᠠᠷ ᠵᠦᠢᠯ ᠤᠨ ︽ᠤᠢ ᠮᠣᠳᠣ ᠪᠣᠶᠢᠵᠢᠭᠤᠯᠬᠤ ᠰᠠᠭᠤᠷᠢ ᠮᠥᠩᠭᠦ᠂ ᠪᠠᠲᠤᠯᠠᠭ᠎ᠠ ᠶᠢᠨ ᠮᠥᠩᠭᠦ ᠬᠤᠷᠢᠶᠠᠬᠤ︾ ᠠᠭᠤᠯᠭ᠎ᠠ ᠶᠢ ᠬᠦᠴᠦᠨ ᠦᠭᠡᠢ ᠪᠣᠯᠭᠠᠵᠤ᠂ ᠤᠢ ᠮᠣᠳᠣ ᠣᠭᠲᠣᠯᠵᠤ ᠰᠢᠨᠡᠳᠬᠡᠬᠦ ᠶᠢ ᠭᠤᠶᠤᠴᠢᠯᠠᠬᠤ ᠨᠥᠬᠦᠴᠡᠯ᠂ ᠭᠤᠶᠤᠴᠢᠯᠠᠬᠤ ᠲᠡᠰ ᠳᠠᠷᠠᠭᠠᠯᠠᠯ᠂ ᠬᠠᠮᠢᠶᠠᠷᠤᠯᠲᠠ ᠶᠢᠨ ᠠᠵᠢᠯ ᠢ ᠮᠥᠨ ᠬᠦ ᠤᠤᠯ ᠪᠢᠴᠢᠭ ᠮᠠᠲ᠋ᠧᠷᠢᠶᠠᠯ ᠤᠨ ᠶᠣᠰᠣᠭᠠᠷ ᠬᠡᠷᠡᠭᠵᠢᠭᠦᠯᠦᠨ᠎ᠡ᠃                                                                                                                       ᠡᠭᠦᠨ ᠤ ᠲᠤᠯᠠ ᠮᠡᠳᠡᠭᠳᠡᠪᠡ                        2023 ᠣᠨ ᠤ 7 ᠰᠠᠷ᠎ᠠ ᠶᠢᠨ 18 ᠤ ᠡᠳᠦᠷ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号