ᠨᠥᠬᠦᠴᠡᠯ ᠳᠤ ᠨᠡᠶᠢᠴᠡᠬᠦ ᠬᠥᠮᠥᠰ ᠠᠵᠢᠯ ᠣᠯᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠠᠳᠠᠯ | ᠦᠢᠯᠡᠰ ᠴᠣᠭᠴᠠᠯᠠᠬᠤ ᠪᠣᠯᠪᠠᠰᠤᠷᠠᠭᠤᠯᠤᠯ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ | ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠲᠥᠷᠥᠯ ᠵᠦᠢᠯ ᠤᠨ ᠳᠦᠷᠢᠮᠦᠨ ᠪᠣᠯᠪᠠᠰᠤᠷᠠᠭᠤᠯᠤᠯ ᠳᠤ | ᠣᠷᠣᠯᠴᠠᠪᠠᠯ᠂ ᠴᠥᠮ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ | ᠭᠥᠷᠳᠡᠵᠦ ᠪᠣᠯᠣᠨ᠎ᠠ᠃ | ᠬᠥᠳᠡᠭᠡ ᠲᠣᠰᠬᠤᠨ ᠤ ᠰᠢᠯᠵᠢᠵᠦ ᠠᠵᠢᠯ ᠣᠯᠣᠭᠰᠠᠨ ᠬᠥᠳᠡᠯᠮᠦᠷᠢᠴᠢᠳ᠂ ᠬᠤᠲᠠ ᠬᠥᠳᠡᠭᠡ ᠳᠤ | ᠦᠷᠭᠦᠯᠵᠢᠯᠡᠨ ᠳᠡᠭᠡᠭᠰᠢᠯᠡᠭᠰᠡᠨ ᠦᠭᠡᠢ ᠲᠤᠰ ᠬᠤᠭᠤᠴᠠᠭᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠠᠵᠢᠯ ᠠᠯᠳᠠᠭᠰᠠᠳ᠂ ᠲᠡᠭᠦᠰᠬᠦ | ᠣᠨ ᠤ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠲᠡᠭᠦᠰᠦᠭᠰᠡᠨ ᠰᠤᠷᠤᠭᠴᠢ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠵᠢᠴᠢ ᠶᠠᠳᠠᠭᠤ ᠠᠴᠠ | ᠠᠩᠭᠢᠵᠢᠷᠠᠭᠰᠠᠨ ᠭᠡᠷ ᠪᠦᠯᠢ ᠶᠢᠨ ᠦᠷ᠎ᠡ ᠬᠡᠦᠬᠡᠳ ︵ᠳᠣᠷᠣᠭᠰᠢ ᠲᠠᠪᠤᠨ ᠲᠥᠷᠥᠯ ᠤᠨ ᠬᠥᠮᠥᠰ ᠭᠡᠵᠦ | ᠲᠣᠪᠴᠢᠯᠠᠨ᠎ᠠ︶᠂ ᠵᠢᠴᠢ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ︵ᠠᠵᠤ | ᠠᠬᠤᠶᠢᠯᠠᠯ ᠤᠨ ᠰᠢᠨ᠎ᠡ ᠪᠠᠷ ᠡᠯᠰᠡᠭᠰᠡᠨ ᠲᠠᠪᠤᠨ ᠲᠥᠷᠥᠯ ᠤᠨ ᠠᠵᠢᠯᠲᠠᠨ᠂ ᠠᠵᠤ ᠠᠬᠤᠶᠢᠯᠠᠯ ᠯᠤᠭ᠎ᠠ 1 ᠵᠢᠯ ᠠᠴᠠ | ᠳᠡᠭᠡᠭᠰᠢ ᠬᠤᠭᠤᠴᠠᠭ᠎ᠠ ᠲᠠᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠬᠥᠳᠡᠯᠮᠦᠷᠢ ᠶᠢᠨ ᠭᠡᠷ᠎ᠡ ᠲᠣᠭᠲᠠᠭᠰᠠᠨ | ᠡᠳᠦᠷ ᠠᠴᠠ ᠡᠬᠢᠯᠡᠨ 1 ᠵᠢᠯ ᠤᠨ ᠳᠣᠲᠣᠷ᠎ᠠ ᠠᠵᠤ ᠠᠬᠤᠶᠢᠯᠠᠯ ᠠᠴᠠ ᠬᠠᠷᠢᠶᠠᠯᠠᠭᠳᠠᠬᠤ ᠪᠣᠯᠪᠠᠰᠤᠷᠠᠯ ᠤᠨ | ᠪᠠᠶᠢᠭᠤᠯᠤᠮᠵᠢ ᠪᠤᠶᠤ ᠵᠠᠰᠠᠭ ᠤᠨ ᠣᠷᠳᠣᠨ ᠠᠴᠠ ᠲᠣᠭᠲᠠᠭᠠᠭᠰᠠᠨ ᠪᠣᠯᠪᠠᠰᠤᠷᠠᠯ ᠤᠨ ᠪᠠᠶᠢᠭᠤᠯᠤᠮᠵᠢ ᠳᠤ ᠲᠦᠰᠢᠭᠯᠡᠨ | ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠬᠦ ᠳᠤ ᠣᠷᠣᠯᠴᠠᠭᠰᠠᠨ ᠪᠠᠶᠢᠪᠠᠯ᠂ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ | ᠣᠷᠣᠬᠤ ᠳᠦᠷᠢᠮ ᠤᠨ ᠪᠣᠯᠪᠠᠰᠤᠷᠠᠯ᠂ ᠮᠠᠰᠲ᠋ᠧᠷ ᠤᠨ ᠪᠣᠯᠪᠠᠰᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ | ᠠᠵᠢᠯ ᠳᠤ ᠪᠠᠶᠢᠭ᠎ᠠ ᠠᠵᠢᠯᠲᠠᠨ ᠠᠵᠢᠯᠴᠢᠨ︶ ᠡᠭᠦᠨ ᠳᠤ ᠣᠷᠣᠯᠴᠠᠵᠤ ᠪᠣᠯᠣᠨ᠎ᠠ᠃ | |