ᠮᠠᠨ ᠤ ᠤᠯᠤᠰ ᠤᠨ ᠣᠳᠣᠬᠠᠨ ᠤ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠡᠯ᠂ ᠶᠠᠮᠠᠷ | ᠵᠢᠭᠡᠯᠡᠯᠭᠡ ᠶᠢᠨ ᠠᠷᠭ᠎ᠠ ᠮᠠᠶ᠋ᠢᠭ ᠢ ᠬᠡᠷᠡᠭᠯᠡᠭᠰᠡᠨ ᠴᠤ᠂ ᠳᠠᠪᠬᠤᠷ ᠬᠦᠦ ᠮᠥᠩᠭᠦ ᠪᠤᠳᠤᠬᠰᠠᠨ ᠡᠰᠡᠬᠦᠯ᠎ᠡ | ᠵᠢᠭᠡᠯᠡᠭᠦᠯᠬᠦ ᠳᠡᠭᠡᠨ ᠤᠷᠢᠳ ᠢᠶᠠᠷ ᠬᠦᠦ ᠮᠥᠩᠭᠦ ᠶᠢ ᠰᠠᠭᠤᠯᠭᠠᠨ ᠠᠪᠤᠭᠰᠠᠨ ᠪᠠᠶᠢᠪᠠᠯ᠂ ᠴᠥᠮ ᠪᠣᠳᠠᠲᠤ | ᠵᠢᠭᠡᠯᠡᠭᠦᠯᠦᠭᠰᠡᠨ ᠵᠣᠭᠤᠰᠤᠨ ᠤ ᠲᠤᠭ᠎ᠠ ᠪᠠᠷ ᠬᠦᠦ ᠮᠥᠩᠭᠦ ᠪᠤᠳᠤᠬᠤ ᠪᠥᠭᠡᠳ ᠪᠠᠩᠬᠢ ᠶᠢᠨ ᠠᠳᠠᠯᠢ ᠲᠦᠷᠦᠯ ᠤᠨ | ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢᠨ 4 ᠲᠠᠬᠢᠨ ᠠᠴᠠ ᠬᠡᠲᠦᠷᠡᠭᠰᠡᠨ ᠦᠶ᠎ᠡ ᠳᠤ᠂ ᠬᠡᠲᠦᠷᠡᠭᠰᠡᠨ ᠬᠡᠰᠡᠭ ᠢ | ᠨᠢ ᠬᠠᠤᠯᠢ ᠶᠣᠰᠣᠨ ᠤ ᠬᠠᠮᠠᠭᠠᠯᠠᠯᠲᠠ ᠲᠤ ᠤᠷᠤᠭᠤᠯᠬᠤ ᠦᠭᠡᠢ᠃ ᠡᠭᠦᠨ ᠤ ᠬᠠᠮᠲᠤ᠂ ᠵᠢᠭᠡᠯᠡᠭᠦᠯᠦᠭᠴᠢ ᠶᠢᠨ ᠨᠢᠭᠡᠨᠲᠡ | ᠬᠤᠷᠢᠶᠠᠨ ᠠᠪᠤᠭᠰᠠᠨ ᠥᠨᠳᠥᠷ ᠬᠦᠦ ᠲᠠᠢ ᠵᠢᠭᠡᠯᠡᠯᠭᠡ ᠶᠢᠨ ᠬᠡᠰᠡᠭ ᠤᠨ ᠬᠦᠦ ᠮᠥᠩᠭᠦ ᠪᠠᠷ ᠲᠥᠯᠥᠭᠡᠳᠦᠢ ᠡᠬᠡ | ᠮᠥᠩᠭᠦ ᠶᠢ ᠲᠤᠯᠭᠠᠨ ᠲᠥᠯᠥᠵᠦ ᠪᠣᠯᠣᠨ᠎ᠠ᠂ ᠬᠡᠷᠪᠡ ᠬᠠᠤᠯᠢ ᠶᠣᠰᠣᠨ ᠤ ᠡᠬᠡ ᠬᠦᠦ ᠮᠥᠩᠭᠦ ᠶᠢ ᠨᠢᠭᠡᠨᠲᠡ ᠲᠥᠯᠥᠵᠦ | ᠪᠠᠷᠠᠭᠰᠠᠨ ᠪᠠᠶᠢᠪᠠᠯ᠂ ᠵᠣᠭᠤᠰ ᠵᠢᠭᠡᠯᠡᠭᠴᠢ ᠳᠤ ᠪᠤᠴᠠᠭᠠᠵᠤ ᠥᠭᠬᠦ ᠬᠡᠷᠡᠭᠲᠡᠢ᠃ | |