ᠡᠨᠡ ᠵᠢᠯ᠂ ᠬᠤᠷᠴᠢᠨ ᠲᠣᠭᠤᠷᠢᠭ ᠡᠯ᠎ᠡ ᠵᠦᠢᠯ ᠤᠨ ᠠᠵᠢᠯ ᠣᠯᠭᠤᠵᠤ ᠦᠢᠯᠡᠰ ᠴᠣᠭᠴᠠᠯᠠᠬᠤ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠢᠳ ᠬᠤᠵᠢᠳ 5 ᠲᠠᠯᠠᠪᠤᠷ ᠰᠦᠯᠵᠢᠶᠡᠨ ᠠᠴᠠ | ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ᠂ 1 ᠲᠠᠯᠠᠪᠤᠷ ᠰᠦᠯᠵᠢᠶᠡᠨ ᠤ ᠠᠵᠢᠯᠲᠠᠨ ᠡᠯᠰᠡᠬᠦ ᠴᠤᠭᠯᠠᠭᠠᠨ᠂ 38 | ᠲᠠᠯᠠᠪᠤᠷ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠠᠵᠢᠯᠲᠠᠨ ᠡᠯᠰᠡᠬᠦ ᠴᠤᠭᠯᠠᠭᠠᠨ ᠢ | ᠡᠷᠭᠢᠯᠡᠵᠦ᠂ ᠨᠡᠶᠢᠲᠡ 4 ᠲᠦᠮᠡ ᠭᠠᠷᠤᠢ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃ᠡᠭᠦᠨ ᠤ ᠬᠠᠮᠲᠤ᠂ ︽ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠰᠬᠠᠢ ᠲᠤᠰᠢᠶᠠᠯᠲᠠᠨ ᠤ | ᠦᠢᠯᠡᠴᠢᠯᠡᠭᠡᠨ ᠤ ᠠᠵᠤ ᠠᠬᠤᠶᠢᠯᠠᠯ︾ ᠤᠨ ᠲᠤᠰᠬᠠᠢ ᠠᠵᠢᠯᠯᠠᠭ᠎ᠠ ᠶᠢ ᠨᠡᠶᠢᠲᠡᠯᠡᠨ ᠬᠡᠷᠡᠭᠵᠢᠭᠦᠯᠵᠦ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠳᠤ ᠭᠦᠨᠵᠡᠭᠡᠶᠢᠷᠡᠨ᠂ ᠲᠤᠭ᠎ᠠ ᠪᠦᠷᠢᠳᠬᠡᠯ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠨ ᠪᠠᠶᠢᠴᠠᠭᠠᠵᠤ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ | ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠ ᠦᠢᠯᠡᠴᠢᠯᠡᠬᠦ ᠵᠦᠢᠯ ᠢ ᠤᠬᠠᠭᠤᠯᠬᠤ ᠠᠴᠠ ᠭᠠᠳᠠᠨ᠎ᠠ᠂ ᠡᠳᠦᠷ ᠤᠨ | ᠬᠦᠴᠦᠨ ᠤ ᠵᠠᠬ᠎ᠠ ᠳᠡᠯᠭᠡᠭᠦᠷ ᠢ ᠪᠥᠬᠦ ᠬᠦᠴᠦᠨ ᠢᠶᠠᠷ ᠪᠣᠶ ᠪᠣᠯᠭᠠᠵᠤ᠂ ᠥᠷᠭᠡᠨ ᠣᠯᠠᠨ ᠡᠳᠦᠷ ᠤᠨ ᠬᠦᠴᠦᠨ ᠤ | ᠠᠵᠢᠯᠲᠠᠨ ᠪᠠ ᠠᠵᠢᠯᠴᠢᠨ ᠬᠡᠷᠡᠭᠯᠡᠬᠦ ᠪᠡᠶᠡᠴᠢ ᠴᠣᠭᠴᠠ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠠᠵᠢᠯ ᠤᠨ | ᠪᠠᠶᠢᠷᠢ ᠶᠢᠨ ᠬᠠᠩᠭᠠᠯᠭ᠎ᠠ ᠬᠡᠷᠡᠭᠴᠡᠭᠡ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠵᠡᠷᠭᠡ ︽ᠬᠡᠯᠬᠢᠶ᠎ᠡ︾ ᠣᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠨ᠎ᠠ᠃ | |