ᠬᠤᠷᠴᠢᠨ ᠲᠣᠭᠤᠷᠢᠭ᠄ ᠤᠬᠠᠭᠤᠯᠭ᠎ᠠ ᠶᠢᠨ ᠠᠭᠤᠷ ᠠᠮᠢᠰᠬᠤᠯ ᠢ ᠴᠢᠩᠭᠠᠳᠬᠠᠵᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/7/4
    ᠡᠨᠡ ᠵᠢᠯ᠂ ᠬᠤᠷᠴᠢᠨ ᠲᠣᠭᠤᠷᠢᠭ ᠤᠨ ᠬᠢᠨ ᠬᠤᠲᠠ ᠶᠢᠨ ᠲᠣᠭᠤᠷᠢᠭ ᠤᠨ ᠲᠦᠷᠢᠶᠡᠰᠦᠨ ᠮᠠᠰᠢᠨ ᠲᠡᠷᠭᠡᠨ ᠤ ᠡᠯᠧᠺᠲᠷᠣᠨ ᠥᠩᠬᠦᠷᠢᠯᠲᠡ ᠶᠢᠨ ᠳᠡᠯᠭᠡᠴᠡ᠂ ᠡᠯ᠎ᠡ ᠲᠣᠮᠣ ᠬᠤᠳᠠᠯᠳᠤᠭᠠᠨ ᠤ ᠲᠠᠯᠠᠪᠤᠷ ᠵᠢᠴᠢ ᠡᠯ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠠᠯᠠᠪᠤᠷ ᠤᠨ ᠡᠯᠧᠺᠲᠷᠣᠨ ᠥᠩᠬᠦᠷᠢᠯᠲᠡ ᠶᠢᠨ ᠳᠡᠯᠭᠡᠴᠡ ᠶᠢ ᠠᠰᠢᠭᠯᠠᠨ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠭᠤᠣᠯ ᠬᠤᠲᠠ ᠶᠢᠨ ᠲᠣᠭᠤᠷᠢᠭ ᠤᠨ 10 ᠬᠠᠷᠮᠠᠨ ᠴᠡᠴᠡᠷᠯᠢᠭ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠶᠠᠩᠵᠤ ᠬᠡᠯᠪᠡᠷᠢ ᠶᠢᠨ ᠱᠤᠭᠤᠮᠠᠯ ᠢ ᠪᠦᠲᠦᠭᠡᠨ ᠪᠠᠶᠢᠭᠤᠯᠪᠠ᠃ ᠡᠭᠦᠨ ᠤ ᠵᠡᠷᠭᠡ ᠳᠤ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ ᠦᠨᠳᠦᠰᠦᠲᠡᠨ ᠤ ᠲᠥᠷᠥ   ᠶᠢᠨ ᠪᠣᠳᠣᠯᠭ᠎ᠠ   ᠶᠢᠨ ᠤᠬᠠᠭᠤᠯᠭ᠎ᠠ   ᠶᠢ ᠣᠯᠠᠨ ᠲᠠᠯ᠎ᠠ ᠠᠴᠠ  ᠪᠠᠶᠢᠩᠭᠤᠵᠢᠭᠤᠯᠤᠨ ᠥᠷᠨᠢᠭᠦᠯᠵᠦ ᠪᠠᠶᠢᠨ᠎ᠠ᠃ᠡᠭᠦᠨ ᠠᠴᠠ ᠭᠠᠳᠠᠨ᠎ᠠ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ  ᠪᠣᠯᠭᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠨ ᠸᠢᠳᠢᠤ᠋ ᠤᠬᠠᠭᠤᠯᠭ᠎ᠠ ᠶᠢᠨ ᠣᠬᠤᠷ ᠹᠢᠯᠢᠮ ᠢ ᠦᠢᠯᠡᠳᠦᠭᠰᠡᠨ ᠪᠥᠭᠡᠳ ︽ᠣᠪᠣᠭᠠᠨ ᠡᠭᠦᠯᠡ︾ ᠶᠢᠨ ᠬᠡᠷᠡᠭᠯᠡᠭᠴᠢ ᠶᠢᠨ ᠦᠵᠦᠭᠦᠷ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ  ᠪᠣᠯᠭᠠᠬᠤ︾ ᠲᠤᠰᠬᠠᠢ ᠪᠤᠯᠤᠩ ᠭᠠᠷᠭᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠣᠨᠣᠯ᠂ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠪᠠ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号