ᠬᠤᠷᠴᠢᠨ ᠲᠣᠭᠤᠷᠢᠭ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠲᠥᠷᠥᠯ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ  ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2023/7/4
    ᠡᠨᠡ ᠵᠢᠯ᠂ ᠬᠤᠷᠴᠢᠨ ᠲᠣᠭᠤᠷᠢᠭ ᠤᠨ ᠬᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠲᠥᠷᠥᠯ ᠳᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠶᠡᠷᠦᠩᠬᠡᠶᠢᠯᠡᠭᠰᠡᠨ ᠨᠢᠭᠡ ᠴᠣᠩᠬᠤ︾ ᠶᠢᠨ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠶᠢ 80% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠪᠡ᠃ ᠬᠤᠷᠴᠢᠨ ᠲᠣᠭᠤᠷᠢᠭ ᠤᠨ ᠬᠢᠨ ᠡᠮ ᠤᠨ ᠬᠤᠷᠣᠭᠳᠠᠯ ᠮᠠᠲ᠋ᠧᠷᠢᠶᠠᠯ᠂ ᠡᠮ ᠡᠮᠨᠡᠯᠭᠡ ᠶᠢᠨ ᠦᠢᠯᠡᠴᠢᠯᠡᠭᠡᠨ ᠤ ᠡᠮᠬᠢ ᠳᠢᠭᠯᠢᠮ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ︽ᠡᠪᠡᠳᠴᠢᠨ ᠦᠵᠡᠭᠦᠯᠬᠦ ᠳᠤ ᠦᠨᠡᠲᠡᠢ︾᠂ ︽ᠡᠪᠡᠳᠴᠢᠨ ᠦᠵᠡᠭᠦᠯᠬᠦ ᠳᠤ ᠬᠦᠴᠢᠷᠲᠡᠢ︾ ᠵᠡᠷᠭᠡ ᠠᠰᠠᠭᠤᠳᠠᠯ ᠳᠤ ᠴᠢᠭᠯᠡᠭᠦᠯᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠲᠦᠷᠦᠯ ᠤᠨ ᠰᠢᠰᠲ᠋ᠧᠮᠲᠦ ᠵᠠᠰᠠᠯᠲᠠ ᠶᠢ ᠤᠷᠳᠤ ᠬᠤᠭᠤᠴᠠᠭ᠎ᠠ ᠪᠠᠷ ᠥᠷᠨᠢᠭᠦᠯᠪᠡ᠃ ᠡᠭᠦᠨ ᠠᠴᠠ ᠭᠠᠳᠠᠨ᠎ᠠ᠂ ᠬᠤᠷᠴᠢᠨ ᠲᠣᠭᠤᠷᠢᠭ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠭᠦᠷᠭᠡ ᠶᠢᠨ ᠠᠵᠢᠯ ᠤᠨ ᠬᠤᠪᠢᠶᠠᠷᠢᠯᠠᠯ ᠳᠤ ᠴᠢᠭᠯᠡᠭᠦᠯᠦᠨ᠂ 9 ᠰᠠᠷ᠎ᠠ ᠶᠢᠨ ᠰᠡᠭᠦᠯᠴᠢ ᠠᠴᠠ ᠡᠮᠦᠨ᠎ᠡ ᠬᠢᠲᠠᠳ ᠮᠣᠩᠭᠤᠯ ᠡᠮ ᠡᠮᠨᠡᠯᠭᠡ ᠶᠢᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠦ᠂ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ ᠵᠡᠷᠭᠡ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠵᠦ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠪᠠᠲᠤ ᠪᠠᠬᠢ ᠬᠠᠯᠬᠠᠪᠴᠢ ᠶᠢ ᠪᠠᠶᠢᠭᠤᠯᠵᠤ ᠥᠭᠭᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号