ᠡᠨᠡ ᠵᠢᠯ᠂ ᠬᠤᠷᠴᠢᠨ ᠲᠣᠭᠤᠷᠢᠭ ᠤᠨ ᠬᠢᠨ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠪᠠᠨ | ᠲᠠᠰᠤᠷᠠᠯᠲᠠ ᠦᠭᠡᠢ ᠴᠢᠩᠭᠠᠳᠬᠠᠵᠤ᠂ ᠬᠠᠷᠢᠶᠠᠲᠤ ᠣᠷᠣᠨ ᠤ ᠲᠥᠯᠦᠪᠵᠢᠭᠦᠯᠭᠡ ᠶᠢᠨ ᠠᠩᠬᠠᠨ ᠤ ᠬᠢᠨᠠᠯᠲᠠ ᠪᠠ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠪᠡ᠃ᠣᠳᠣᠬᠠᠨ ᠳᠤ᠂ ᠭᠡᠷ ᠪᠠᠶᠢᠰᠢᠩ ᠭᠠᠵᠠᠷ | ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠢᠨᠠᠨ | ᠪᠠᠶᠢᠴᠠᠭᠠᠭᠰᠠᠨ ᠰᠠᠨᠠᠯ ᠢ 22 ᠭᠠᠷᠭᠠᠵᠤ᠂ ᠭᠡᠷ ᠤᠨ ᠭᠠᠳᠠᠨᠠᠬᠢ ᠵᠠᠷ ᠮᠡᠳᠡᠭᠡ᠂ ᠫᠠᠶᠢᠰᠠ ᠢᠯᠡᠷᠬᠡᠶᠢᠯᠡᠯ᠂ ᠭᠠᠳᠠᠷ | ᠨᠢᠭᠤᠷ ᠢ 190 ᠬᠢᠨᠠᠨ ᠵᠥᠪᠰᠢᠶᠡᠷᠡᠵᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ | ᠲᠥᠯᠦᠪᠵᠢᠭᠦᠯᠭᠡ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠦᠢᠯᠡᠰ ᠤᠨ ᠡᠯᠧᠺᠲᠷᠣᠨ ᠦᠨᠡᠮᠯᠡᠯ ᠤᠨ | ᠬᠠᠮᠢᠶᠠᠷᠤᠯᠲᠠ ᠶᠢ ᠪᠡᠶᠡᠯᠡᠭᠦᠯᠪᠡ᠃ᠡᠭᠦᠨ ᠤ ᠬᠠᠮᠲᠤ᠂ ᠬᠠᠷ᠎ᠠ ᠬᠥᠷᠥᠰᠥ ᠶᠢ ᠬᠠᠮᠠᠭᠠᠯᠠᠬᠤ ᠬᠦᠴᠢᠷ ᠠᠰᠠᠭᠤᠳᠠᠯ ᠢ | ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠯᠦᠩ ᠮᠠ ᠲᠦᠷᠦᠯ ᠵᠦᠢᠯ ᠤᠨ | ᠲᠣᠭᠤᠷᠢᠭ ᠤᠨ 870 ᠮᠦ ᠬᠠᠷ᠎ᠠ ᠬᠥᠷᠥᠰᠥ ᠶᠢᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠰᠢᠷᠣᠢ ᠶᠢ | ᠵᠣᠬᠢᠴᠠᠭᠤᠯᠤᠨ ᠰᠠᠯᠭᠠᠵᠤ᠂ ᠲᠡᠭᠰᠢᠳᠬᠡᠨ ᠭᠦᠨ ᠤᠷᠪᠠᠭᠤᠯᠬᠤ ᠪᠦᠷᠬᠦᠴᠡ ᠶᠢᠨ ᠠᠷᠭ᠎ᠠ ᠬᠡᠯᠪᠡᠷᠢ ᠶᠢ ᠠᠪᠴᠤ ᠲᠠᠷᠢᠶᠠᠨ | ᠭᠠᠵᠠᠷ ᠤᠨ ᠨᠥᠭᠡᠴᠡ ᠶᠢᠨ ᠬᠥᠮᠥᠷᠭᠡ ᠶᠢᠨ ᠬᠥᠷᠥᠰᠥ ᠰᠢᠷᠣᠢ ᠶᠢ ᠰᠠᠶᠢᠵᠢᠷᠠᠭᠤᠯᠬᠤ ᠳᠤ ᠬᠡᠷᠡᠭᠯᠡᠵᠦ᠂ ᠪᠦᠲᠦᠭᠡᠨ | ᠪᠠᠶᠢᠭᠤᠯᠤᠯᠲᠠ ᠶᠢᠨ ᠥᠪᠡᠷ ᠤᠨ ᠦᠷᠳᠡᠭ ᠢ ᠪᠠᠷᠤᠭ 300 ᠲᠦᠮᠡᠨ ᠲᠥᠭᠦᠷᠢᠭ ᠠᠷᠪᠢᠯᠠᠪᠠ᠃ | |