ᠡᠨᠡ ᠵᠢᠯ᠂ ᠬᠤᠷᠴᠢᠨ ᠲᠣᠭᠤᠷᠢᠭ ︽ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠶᠡᠭᠡ ᠪᠠᠷ ᠵᠢᠭᠰᠠᠭᠠᠨ | ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠳᠤ ᠬᠢᠨᠠᠯᠲᠠ ᠲᠠᠯᠪᠢᠬᠤ ᠪᠠᠴᠢᠮ ᠮᠡᠳᠡᠭᠳᠡᠯ︾ ᠢ ᠲᠣᠭᠲᠠᠭᠠᠨ | ᠪᠠᠭᠤᠯᠭᠠᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ | ᠬᠤᠷᠴᠢᠨ ᠲᠣᠭᠤᠷᠢᠭ ᠤᠨ ᠬᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠳ ᠢᠶᠠᠷ | ᠳᠠᠭᠠᠭᠤᠯᠤᠭᠰᠠᠨ 5 ᠬᠢᠨᠠᠨ ᠵᠢᠯᠤᠭᠤᠳᠬᠤ ᠳᠤᠭᠤᠶᠢᠯᠠᠩ ᠢ ᠪᠠᠶᠢᠭᠤᠯᠵᠤ᠂ ︽ᠲᠠᠰᠤᠭ ᠳᠤᠭᠤᠶᠢᠯᠠᠩ ᠣᠷᠣᠨ | ᠨᠤᠲᠤᠭ︾ ᠤᠨ ᠬᠠᠮᠲᠤᠷᠠᠭᠰᠠᠨ ᠠᠷᠭ᠎ᠠ ᠬᠡᠯᠪᠡᠷᠢ ᠶᠢ ᠠᠪᠴᠤ᠂ 70 ᠭᠠᠷᠤᠢ ᠭᠤᠣᠯᠳᠠᠯᠭ᠎ᠠ ᠲᠠᠢ ᠠᠵᠢᠯ ᠲᠥᠷᠥᠯ ᠤᠨ | ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ᠃ ᠣᠲᠣ | ᠪᠣᠯᠲᠠᠯ᠎ᠠ᠂ ᠲᠤᠰᠬᠠᠢ ᠬᠢᠨᠠᠨ ᠪᠠᠶᠢᠴᠠᠭᠠᠯᠲᠠ ᠶᠢᠨ ᠶᠠᠪᠤᠴᠠ ᠳᠤ 18 ᠠᠰᠠᠭᠤᠳᠠᠯ ᠢ ᠢᠯᠡᠷᠡᠭᠦᠯᠵᠦ᠂ ᠬᠦᠨᠳᠦ ᠶᠡᠭᠡ | ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠳᠤ ᠴᠢᠭᠯᠡᠭᠦᠯᠦᠨ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠳᠤ 3 ᠬᠤᠪᠢ ᠰᠠᠨᠠᠭᠤᠯᠤᠮᠵᠢ ᠶᠢᠨ ᠵᠠᠬᠢᠳᠠᠯ ᠶᠠᠪᠤᠭᠤᠯᠵᠤ᠂ ᠲᠡᠳᠡᠨ ᠤ ᠡᠭᠦᠷᠭᠡ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠶᠢ ᠰᠢᠪᠠᠳᠠᠨ ᠱᠠᠭᠠᠷᠳᠠᠵᠤ᠂ ᠬᠤᠪᠢᠳᠠᠨ ᠬᠠᠮᠢᠶᠠᠷᠴᠤ ᠪᠠᠶᠢᠭ᠎ᠠ | ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠪᠠ᠃ | | |