ᠡᠨᠡ ᠵᠢᠯ᠂ ᠬᠤᠷᠴᠢᠨ ᠲᠣᠭᠤᠷᠢᠭ ᠤᠨ ᠬᠢᠨ ︽ᠪᠣᠯᠪᠠᠰᠤᠨ ᠲᠣᠰᠬᠤᠨ ᠪᠠᠯᠭᠠᠰᠤ︾ ︽ᠠᠷᠪᠠᠨ ᠣᠳᠣᠨ | ᠲᠠᠰ ᠤᠨ ᠪᠣᠯᠪᠠᠰᠤᠨ ᠡᠷᠦᠬᠡ︾ ᠵᠡᠷᠭᠡ ᠶᠢ ᠡᠭᠦᠳᠦᠨ ᠪᠠᠶᠢᠭᠤᠯᠵᠤ ᠰᠢᠯᠭᠠᠷᠠᠭᠤᠯᠬᠤ ᠠᠵᠢᠯᠯᠠᠭ᠎ᠠ ᠶᠢ ᠢᠳᠡᠪᠬᠢᠲᠡᠢ | ᠥᠷᠨᠢᠭᠦᠯᠪᠡ᠃ ᠣᠲᠣ ᠪᠣᠯᠲᠠᠯ᠎ᠠ᠂ ᠪᠥᠬᠦ ᠲᠣᠭᠤᠷᠢᠭ ᠤᠨ334 ᠭᠠᠴᠠᠭ᠎ᠠ ᠲᠣᠰᠬᠤᠨ ᠳᠤ ᠰᠢᠶᠠᠨ ᠤ ᠱᠠᠲᠤ ᠵᠢᠴᠢ | ᠲᠡᠭᠦᠨ ᠠᠴᠠ ᠳᠡᠭᠡᠭᠰᠢᠬᠢ ᠪᠣᠯᠪᠠᠰᠤᠨ ᠲᠣᠰᠬᠤᠨ ᠪᠠᠯᠭᠠᠰᠤ 202 ᠪᠠᠶᠢᠵᠤ᠂ ᠡᠯ᠎ᠡ ᠲᠥᠷᠥᠯ ᠤᠨ ᠲᠡᠷᠢᠭᠦᠨ ᠤ | ᠨᠡᠶᠢᠲᠡᠯᠢᠭ ᠵᠢᠱᠢᠶ᠎ᠡ 387 ᠪᠠᠶᠢᠨ᠎ᠠ︔ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ | ᠱᠠᠲᠤᠨ ᠤ ᠶᠣᠰᠣ ᠮᠣᠷᠠᠯ ᠤᠨ ᠵᠢᠱᠢᠶᠡᠴᠢ ᠵᠢᠴᠢ ᠶᠣᠰᠣ ᠮᠣᠷᠠᠯ ᠤᠨ ᠵᠢᠱᠢᠶᠡᠴᠢ ᠶᠢᠨ ᠨᠡᠷ᠎ᠡ ᠳᠤᠷᠠᠳᠤᠭᠰᠠᠨ | ᠱᠠᠩᠨᠠᠯ ᠳᠤ ᠨᠡᠶᠢᠲᠡ 28 ᠬᠥᠮᠥᠨ ᠴᠣᠯᠭᠤᠷᠠᠨ ᠭᠠᠷᠴᠠᠢ᠃ᠡᠭᠦᠨ ᠤ ᠬᠠᠮᠲᠤ᠂ ᠪᠣᠯᠪᠠᠰᠤᠨ ᠤ ᠦᠢᠯᠡᠳᠦᠯᠭᠡ ᠶᠢᠨ | ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠴᠢᠩ ᠾᠧ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠶᠢᠨ ᠰᠠᠶᠢᠨ | ᠳᠤᠷ᠎ᠠ ᠶᠢᠨ ᠦᠢᠯᠡᠴᠢᠯᠡᠭᠡ᠂ ᠹᠧᠩ ᠲᠢᠶᠠᠨ ᠪᠠᠯᠭᠠᠰᠤᠨ ᠤ ︽ᠵᠢᠷᠭᠤᠭᠠᠨ ᠬᠡᠪ ᠪᠣᠯᠪᠠᠰᠤᠷᠠᠯ ᠵᠢᠷᠭᠤᠭ᠎ᠠ ᠶᠢ | ᠳᠡᠭᠡᠭᠰᠢᠯᠡᠭᠦᠯᠬᠦ︾ ᠵᠡᠷᠭᠡ ᠨᠢᠭᠡ ᠪᠦᠯᠦᠭ ᠨᠥᠯᠥᠭᠡᠯᠡᠬᠦ ᠬᠦᠴᠦᠨ ᠲᠠᠢ᠂ ᠥᠪᠡᠷᠮᠢᠴᠡ ᠣᠨᠴᠠᠯᠢᠭ ᠲᠠᠢ ᠰᠠᠶᠢᠨ | ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ | ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠤ ᠳᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ | ᠨᠡᠮᠡᠷᠢᠯᠡᠨ᠎ᠡ᠃ |