ᠡᠨᠡ ᠵᠢᠯ᠂ ᠬᠤᠷᠴᠢᠨ ᠲᠣᠭᠤᠷᠢᠭ ᠤᠨ ᠬᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ | ᠭᠤᠣᠯᠳᠠᠯᠭ᠎ᠠ ᠲᠠᠢ ᠬᠦᠷᠢᠶ᠎ᠡ ᠶᠢ ᠬᠠᠷᠢᠯᠴᠠᠨ ᠤᠶᠠᠯᠳᠤᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠵᠡᠷᠭᠡ ᠨᠠᠢᠮᠠᠨ ᠬᠦᠷᠢᠶᠡᠨ ᠳᠤ ︽ᠳᠠᠭᠠᠯᠲᠠ ᠮᠠᠶ᠋ᠢᠭ︾ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠠᠵᠢᠯ ᠢ ᠥᠷᠨᠢᠭᠦᠯᠪᠡ᠃ᠡᠭᠦᠨ ᠤ ᠬᠠᠮᠲᠤ᠂ ᠥᠪᠥᠷ ᠮᠣᠩᠭᠤᠯ ᠤᠨ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠨᠢᠭᠡ ᠴᠣᠭᠴᠠᠵᠢᠭᠰᠠᠨ ᠣᠶᠤᠨᠴᠢ ᠲᠠᠪᠴᠠᠩ ᠤᠨ ᠬᠡᠷᠡᠭᠯᠡᠯᠲᠡ ᠶᠢ | ᠢᠳᠡᠪᠬᠢᠲᠡᠢ ᠳᠡᠯᠭᠡᠷᠡᠭᠦᠯᠵᠦ᠂ ᠦᠨᠳᠦᠰᠦᠨ ᠱᠠᠲᠤᠨ ᠤ ᠬᠠᠤᠯᠢ ᠪᠠᠷᠢᠬᠤ ᠭᠠᠵᠠᠷ ᠲᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠬᠤ ᠲᠤᠷᠰᠢᠯᠲᠠ ᠶᠢᠨ ᠴᠡᠭ ᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠦᠨᠳᠦᠰᠦᠨ ᠱᠠᠲᠤ ᠳᠠᠰᠢ ᠤᠷᠲᠤᠳᠬᠠᠵᠠᠢ᠂ | ᠡᠭᠦᠨ ᠠᠴᠠ ᠭᠠᠳᠠᠨ᠎ᠠ᠂ ︽721︾ ᠶᠢᠨ ᠵᠥᠭᠡᠯᠡᠨ ᠬᠠᠤᠯᠢ ᠬᠡᠷᠡᠭᠵᠢᠭᠦᠯᠦᠯᠲᠡ ᠵᠢᠴᠢ ᠠᠩᠬ᠎ᠠ ᠤᠳᠠᠭ᠎ᠠ ᠬᠠᠤᠯᠢ | ᠠᠴᠠ ᠵᠥᠷᠢᠴᠡᠭᠰᠡᠨ ᠬᠥᠩᠭᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠲᠣᠷᠭᠠᠭᠤᠯᠢ ᠠᠴᠠ ᠬᠡᠯᠲᠦᠷᠢᠭᠦᠯᠬᠦ᠂ | ᠬᠠᠷᠢᠭᠤᠴᠠᠯᠭ᠎ᠠ ᠠᠴᠠ ᠬᠡᠯᠲᠦᠷᠢᠭᠦᠯᠬᠦ ᠠᠵᠢᠯᠯᠠᠭ᠎ᠠ ᠶᠢ ᠳᠡᠯᠭᠡᠷᠡᠭᠦᠯᠵᠦ᠂ ᠵᠠᠰᠠᠭ ᠵᠠᠬᠢᠷᠭᠠᠨ ᠤ ᠵᠢᠯᠣᠭᠤᠳᠤᠯᠭ᠎ᠠ᠂ | ᠵᠠᠰᠠᠭ ᠵᠠᠬᠢᠷᠭᠠᠨ ᠤ ᠰᠡᠷᠡᠮᠵᠢᠯᠡᠭᠦᠯᠬᠦ᠂ ᠵᠠᠰᠠᠭ ᠵᠠᠬᠢᠷᠭᠠᠨ ᠤ ᠰᠠᠨᠠᠭᠤᠯᠭ᠎ᠠ᠂ ᠵᠠᠰᠠᠭ ᠵᠠᠬᠢᠷᠭᠠᠨ ᠤ ᠱᠠᠩᠨᠠᠯ ᠵᠡᠷᠭᠡ | ᠠᠯᠪᠠᠳᠠᠯᠭ᠎ᠠ ᠶᠢᠨ ᠪᠤᠰᠤ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ | |