ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠦᠩᠯᠢᠶᠣᠣ ᠬᠤᠲᠠ ᠶᠢᠨ ᠬᠤᠷᠴᠢᠨ ᠣᠷᠣᠰᠢᠭᠤᠯᠭ᠎ᠠ ᠶᠢᠨ ᠭᠠᠵᠠᠷ ᠵᠡᠷᠭᠡ ᠬᠤᠶᠠᠷ ᠲᠥᠷᠥᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠢ ᠲᠦᠷᠭᠡᠳᠬᠡᠨ ᠰᠢᠢᠳᠪᠦᠷᠢᠯᠡᠬᠦ ᠲᠤᠬᠠᠢ ᠵᠢᠭᠠᠪᠤᠷᠢ ᠠᠪᠬᠤ ᠮᠡᠳᠡᠭᠦᠯᠦᠯᠲᠡ
ᠨᠡᠶᠢᠲᠡᠯᠡᠭᠰᠡᠨ ᠴᠠᠭ᠄
2023/8/15
ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ᠄       ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠲᠣᠭᠤᠷᠢᠭ ᠤᠨ ᠲᠦᠩᠯᠢᠶᠣᠣ ᠬᠤᠲᠠ ᠶᠢᠨ ᠬᠤᠷᠴᠢᠨ ᠣᠷᠣᠰᠢᠭᠤᠯᠭ᠎ᠠ ᠶᠢᠨ ᠭᠠᠵᠠᠷ᠂ ︽ᠬᠢᠲᠠᠳ ᠮᠣᠩᠭᠤᠯ ᠡᠮ ᠤᠨ ᠬᠤᠲᠠ︾ ᠶᠢᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠪᠠ᠃ ᠣᠳᠣᠬᠢ ᠱᠠᠲᠤᠨ ᠳᠤ᠂ ᠬᠤᠶᠠᠷ ᠲᠥᠷᠥᠯ ᠵᠦᠢᠯ ᠨᠢ ᠴᠥᠮ ᠭᠠᠵᠠᠷ ᠰᠢᠷᠣᠢ ᠬᠡᠷᠡᠭᠯᠡᠬᠦ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠬᠦ ᠠᠰᠠᠭᠤᠳᠠᠯ ᠳᠤ ᠬᠤᠯᠪᠣᠭᠳᠠᠨ᠎ᠠ᠂ ᠪᠣᠳᠠᠲᠠᠢ ᠪᠠᠶᠢᠳᠠᠯ ᠨᠢ ᠳᠣᠣᠷᠠᠬᠢ ᠮᠡᠲᠦ᠄      ᠨᠢᠭᠡ᠂ ᠲᠦᠩᠯᠢᠶᠣᠣ ᠬᠤᠲᠠ ᠶᠢᠨ ᠬᠤᠷᠴᠢᠨ ᠤ ᠣᠷᠣᠰᠢᠭᠤᠯᠭ᠎ᠠ ᠶᠢᠨ ᠭᠠᠵᠠᠷ ᠤᠨ ᠬᠤᠯᠪᠣᠭᠳᠠᠯ ᠪᠦᠬᠦᠢ ᠪᠠᠶᠢᠳᠠᠯ      ᠲᠦᠩᠯᠢᠶᠣᠣ ᠬᠤᠳᠠ ᠶᠢᠨ ᠬᠤᠷᠴᠢᠨ ᠣᠷᠣᠰᠢᠭᠤᠯᠭ᠎ᠠ ᠶᠢᠨ ᠭᠠᠵᠠᠷ ᠤᠨ ᠬᠡᠰᠡᠭ ᠨᠢ ᠶᠦᠩᠨᠢᠩ ᠵᠠᠮ ᠠᠴᠠ ᠵᠡᠭᠦᠨᠰᠢ᠂ ᠪᠠᠷᠠᠭᠤᠨ ᠶᠡᠭᠡ ᠵᠡᠭᠡᠯᠢ ᠠᠴᠠ ᠬᠤᠶᠢᠰᠢ ᠪᠠᠶᠢᠷᠢᠯᠠᠵᠤ᠂ ᠲᠦᠷᠦᠯ ᠵᠦᠢᠯ ᠳᠤ ᠬᠡᠷᠡᠭᠯᠡᠬᠦ ᠭᠠᠵᠠᠷ ᠤᠨ ᠬᠡᠰᠡᠭ  ᠨᠢ ᠲᠦᠩᠯᠢᠶᠣᠣ ᠬᠤᠳᠠ ᠶᠢᠨ ᠬᠤᠳᠠ ᠶᠢᠨ ᠶᠡᠷᠦᠩᠬᠡᠢ ᠲᠥᠯᠦᠪᠵᠢᠭᠦᠯᠭᠡ ᠶᠢᠨ ᠬᠡᠪᠴᠢᠶᠡᠨ ᠳᠤ ᠪᠠᠶᠢᠵᠤ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠨᠢ ᠴᠡᠴᠡᠷᠯᠢᠭ ᠤᠨ ᠨᠣᠭᠤᠭᠠᠨ ᠭᠠᠵᠠᠷ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠭᠠᠵᠠᠷ᠂ ᠤᠰᠤᠨ ᠣᠷᠣᠨ ᠤ ᠬᠡᠷᠡᠭᠯᠡᠭᠡᠨ ᠤ ᠭᠠᠵᠠᠷ᠂ ᠴᠠᠬᠢᠯᠭᠠᠨ ᠬᠠᠩᠭᠠᠯᠭ᠎ᠠ ᠶᠢᠨ ᠬᠡᠷᠡᠭᠯᠡᠭᠡᠨ ᠤ ᠭᠠᠵᠠᠷ᠂ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡᠨ ᠤ ᠭᠠᠵᠠᠷ ᠪᠣᠯᠣᠨ᠎ᠠ᠃ ᠨᠢᠭᠡ ᠲᠠᠯ᠎ᠠ ᠪᠠᠷ᠂ ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ ᠮᠠᠨ ᠤ ᠲᠣᠭᠤᠷᠢᠭ  2023 ᠣᠨ ᠳᠤ ᠬᠡᠰᠡᠭ ᠰᠢᠶᠠᠩ ᠪᠠᠯᠭᠠᠰᠤᠨ ᠤ ᠠᠷᠪᠠᠨ ᠬᠤᠶᠠᠷ ᠵᠦᠢᠯ ᠤᠨ ᠬᠤᠪᠢ ᠶᠢᠨ ᠮᠠᠰᠢᠨ ᠲᠡᠷᠭᠡᠨ ᠤ ᠬᠡᠭᠦᠷ ᠢ ᠲᠤᠰᠴᠤ ᠲᠡᠭᠡᠭᠡᠪᠦᠷᠢᠯᠡᠬᠦ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠬᠤ ᠶᠢᠨ ᠬᠠᠮᠲᠤ ᠣᠷᠣᠰᠢᠭᠤᠯᠭ᠎ᠠ ᠶᠢᠨ ᠭᠠᠵᠠᠷ ᠲᠤ ᠬᠡᠭᠦᠷ ᠢ ᠵᠥᠭᠡᠭᠡᠪᠦᠷᠢᠯᠡᠬᠦ‌ᠮᠠᠰᠢᠨ ᠲᠡᠷᠭᠡ ᠶᠢ 12 ᠨᠡᠮᠡᠵᠦ ᠥᠭᠬᠦ ᠪᠠᠷ ᠲᠥᠯᠥᠪᠯᠡᠵᠦ᠂ ᠣᠷᠳᠣᠨ ᠤ ᠲᠣᠭᠤᠷᠢᠭ ᠲᠤ ᠰᠢᠨ᠎ᠡ ᠪᠠᠷ ᠨᠡᠮᠡᠭᠳᠡᠭᠰᠡᠨ ᠣᠷᠣᠰᠢᠭᠤᠯᠭ᠎ᠠ ᠶᠢᠨ ᠮᠠᠰᠢᠨ ᠲᠡᠷᠭᠡ ᠶᠢ ᠬᠠᠳᠠᠭᠠᠯᠠᠵᠤ ᠲᠠᠯᠪᠢᠬᠤ ᠲᠡᠷᠭᠡᠨ ᠬᠥᠮᠥᠷᠭᠡ ᠪᠠᠶᠢᠭᠤᠯᠵᠤ᠂ ᠶᠡᠷᠦᠩᠬᠡᠢ ᠲᠠᠯᠠᠪᠠᠶ ᠨᠢ 654.94 ᠲᠡᠭᠰᠢ ᠳᠥᠷᠪᠡᠯᠵᠢᠨ ᠮᠧᠲᠷ ᠪᠣᠯᠣᠨ᠎ᠠ᠃ ᠨᠥᠭᠦᠭᠡ ᠲᠠᠯ᠎ᠠ ᠪᠠᠷ᠂ ᠬᠢᠵᠢᠭ ᠤᠨ ᠪᠠᠶᠢᠳᠠᠯ ᠤᠨ ᠰᠢᠯᠲᠠᠭᠠᠨ ᠠᠴᠠ ᠪᠣᠯᠵᠤ᠂ ᠭᠠᠯ ᠢᠶᠠᠷ ᠳᠡᠭᠳᠡᠭᠡᠬᠦ ᠬᠡᠮᠵᠢᠶ᠎ᠡ ᠨᠡᠮᠡᠭᠳᠡᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ 2 ᠭᠠᠯ ᠳᠡᠭᠳᠡᠭᠡᠬᠦ ᠲᠥᠬᠦᠭᠡᠷᠦᠮᠵᠢ᠂ 3 ᠣᠷᠣᠰᠢᠭᠤᠯᠭ᠎ᠠ  ᠶᠢᠨ ᠲᠡᠷᠭᠡ ᠵᠢᠴᠢ 20 ᠬᠦᠢᠲᠡᠨ ᠬᠤᠭᠤᠯᠠᠨ ᠭᠡᠷ ᠰᠠᠯᠭᠠᠨ ᠥᠭᠴᠡᠢ᠃ ᠳᠡᠭᠡᠳᠦ ᠱᠠᠲᠤᠨ ᠤ ᠰᠠᠯᠭᠠᠨ ᠥᠭᠬᠦ ᠲᠥᠬᠦᠭᠡᠷᠦᠮᠵᠢ ᠶᠢ ᠲᠣᠬᠢᠲᠠᠢ ᠬᠠᠳᠠᠭᠠᠯᠠᠬᠤ ᠶᠢᠨ ᠲᠥᠯᠥᠭᠡ᠂ ᠶᠡᠷᠦᠩᠬᠡᠢ ᠲᠠᠯᠠᠪᠠᠶ ᠨᠢ 545.60 ᠲᠡᠭᠰᠢ ᠳᠥᠷᠪᠡᠯᠵᠢᠨ ᠮᠧᠲᠷ᠂ ᠭᠠᠯ ᠢᠶᠠᠷ ᠳᠡᠭᠳᠡᠭᠡᠬᠦ 2 ᠲᠠᠰᠤᠯᠭ᠎ᠠ ᠲᠠᠰᠤᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ︔ 20 ᠲᠠᠰᠤᠯᠭ᠎ᠠ ᠴᠢᠨᠳᠠᠷ ᠰᠠᠬᠢᠬᠤ ᠲᠠᠰᠤᠭ᠂ ᠭᠤᠣᠯ ᠴᠣᠭᠴᠠᠲᠤ ᠴᠢᠨᠳᠠᠷ ᠰᠠᠬᠢᠬᠤ ᠲᠠᠰᠤᠭ ᠤᠨ ᠬᠡᠰᠡᠭ ᠪᠠᠷᠢᠯᠭ᠎ᠠ ᠶᠢᠨ ᠲᠠᠯᠠᠪᠠᠶ ᠨᠢ 1982.75 ᠲᠡᠭᠰᠢ ᠳᠥᠷᠪᠡᠯᠵᠢᠨ ᠮᠧᠲᠷ᠂ ᠡᠮᠦᠨ᠎ᠡ ᠲᠠᠯ᠎ᠠ ᠶᠢᠨ ᠵᠠᠯᠭᠠᠯᠳᠤᠭᠰᠠᠨ ᠬᠤᠩᠭᠢᠯ ᠤᠨ ᠪᠠᠷᠢᠯᠭ᠎ᠠ  ᠶᠢᠨ ᠲᠠᠯᠠᠪᠠᠶ ᠨᠢ 254.93 ᠲᠡᠭᠰᠢ ᠳᠥᠷᠪᠡᠯᠵᠢᠨ ᠮᠧᠲᠷ᠃ ᠮᠠᠨ ᠤ ᠲᠣᠭᠤᠷᠢᠭ ᠨᠢᠭᠡᠨᠲᠡ ᠲᠦᠩᠯᠢᠶᠣᠣ ᠬᠤᠲᠠ ᠶᠢᠨ ᠬᠤᠷᠴᠢᠨ ᠣᠷᠣᠰᠢᠭᠤᠯᠭ᠎ᠠ ᠶᠢᠨ ᠭᠠᠵᠠᠷ ᠤᠨ ᠬᠡᠷᠡᠭᠯᠡᠬᠦ ᠭᠠᠵᠠᠷ ᠢ ᠲᠦᠩᠯᠢᠶᠣᠣ ᠬᠤᠲᠠ ᠶᠢᠨ ᠰᠢᠨ᠎ᠡ ᠬᠡᠪᠯᠡᠯ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠡᠪᠴᠢᠶᠡᠨ ᠳᠤ ᠣᠷᠣᠭᠤᠯᠵᠤ᠂ ᠲᠥᠯᠦᠪᠵᠢᠭᠦᠯᠭᠡ ᠶᠢᠨ ᠬᠡᠷᠡᠭᠯᠡᠬᠦ ᠭᠠᠵᠠᠷ ᠤᠨ ᠰᠢᠨᠵᠢ ᠴᠢᠨᠠᠷ  ᠨᠢ ᠣᠷᠣᠰᠢᠭᠤᠯᠭ᠎ᠠ ᠶᠢᠨ ᠭᠠᠵᠠᠷ ᠪᠣᠯᠣᠨ᠎ᠠ᠂ ᠭᠡᠪᠡᠴᠦ ᠲᠣᠰ ᠲᠥᠯᠦᠪᠵᠢᠭᠦᠯᠭᠡ  ᠨᠢ ᠣᠲᠣ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ ᠶᠢ ᠣᠯᠤᠭ᠎ᠠ ᠦᠭᠡᠢ᠃       ᠬᠤᠶᠠᠷ᠂ ︽ᠬᠢᠲᠠᠳ ᠮᠣᠩᠭᠤᠯ ᠡᠮ ᠤᠨ ᠬᠤᠲᠠ︾ ᠶᠢᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠤᠯᠪᠣᠭᠳᠠᠯ ᠪᠦᠬᠦᠢ ᠪᠠᠶᠢᠳᠠᠯ       ᠮᠣᠩᠭᠤᠯ ᠡᠮ ᠤᠨ ᠬᠤᠲᠠ ︵ᠥᠪᠥᠷ ᠮᠣᠩᠭᠤᠯ︶ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ︽ᠬᠢᠲᠠᠳ ᠮᠣᠩᠭᠤᠯ ᠡᠮ ᠤᠨ ᠬᠤᠲᠠ︾ ᠶᠢᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠨᠢ ᠬᠤᠥᠯᠢᠨ ᠭᠤᠣᠯ ᠶᠡᠭᠡ ᠵᠡᠭᠡᠯᠢ ᠠᠴᠠ ᠡᠮᠦᠨᠡᠰᠢ᠂ 11 ᠵᠠᠮ ᠠᠴᠠ ᠵᠡᠭᠦᠨᠰᠢ᠂ 12 ᠵᠠᠮ ᠠᠴᠠ ᠪᠠᠷᠠᠭᠤᠨᠰᠢ ᠪᠠᠶᠢᠵᠤ᠂ ᠬᠡᠷᠡᠭᠯᠡᠬᠦ ᠭᠠᠵᠠᠷ ᠤᠨ ᠲᠠᠯᠠᠪᠠᠶ ᠨᠢ 42202.54 ᠲᠡᠭᠰᠢ ᠳᠥᠷᠪᠡᠯᠵᠢᠨ ᠮᠧᠲᠷ ᠲᠤ ᠪᠣᠶ᠃ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠬᠡᠰᠡᠭ ᠨᠢ ᠳᠡᠭᠡᠳᠦ ᠬᠡᠪᠯᠡᠯ ᠤᠨ ᠲᠦᠩᠯᠢᠶᠣᠣ ᠬᠤᠲᠠ ᠶᠢᠨ ᠶᠡᠷᠦᠩᠬᠡᠢ ᠲᠥᠯᠦᠪᠵᠢᠭᠦᠯᠭᠡ ᠶᠢᠨ ᠬᠡᠪᠴᠢᠶᠡᠨ ᠳᠣᠲᠣᠷ᠎ᠠ ᠪᠠᠶᠢᠵᠤ᠂ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠨᠢ ᠬᠤᠳᠠᠯᠳᠤᠭᠠᠨ ᠤ ᠬᠡᠷᠡᠭᠯᠡᠬᠦ ᠭᠠᠵᠠᠷ ᠪᠣᠯᠣᠨ᠎ᠠ᠃ ᠮᠠᠨ ᠤ ᠲᠣᠭᠤᠷᠢᠭ ᠨᠢᠭᠡᠨᠲᠡ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠬᠡᠰᠡᠭ ᠢ ᠲᠦᠩᠯᠢᠶᠣᠣ ᠬᠤᠲᠠ ᠶᠢᠨ ᠰᠢᠨ᠎ᠡ ᠬᠡᠪᠯᠡᠯ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠡᠪᠴᠢᠶᠡᠨ ᠳᠤ ᠣᠷᠣᠭᠤᠯᠤᠭᠰᠠᠨ ᠪᠣᠯᠪᠠᠴᠤ ᠲᠣᠰ ᠲᠥᠯᠦᠪᠵᠢᠭᠦᠯᠭᠡ ᠨᠢ ᠣᠲᠣ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢᠯᠠᠯ ᠢ ᠣᠯᠤᠭ᠎ᠠ ᠦᠭᠡᠢ᠃       ᠬᠤᠶᠠᠷ ᠲᠥᠷᠥᠯ ᠵᠦᠢᠯ ᠨᠢ ᠮᠠᠨ ᠤ ᠲᠣᠭᠤᠷᠢᠭ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠭᠰᠠᠨ ᠤ ᠬᠤᠪᠢ ᠳᠤ᠂ ᠪᠠᠶᠢᠭᠤᠯᠤᠭᠳᠠᠭᠰᠠᠨ ᠤ ᠳᠠᠷᠠᠭ᠎ᠠ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ  ᠠᠰᠢᠭᠲᠠᠢ ᠶᠤᠮ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠶᠢᠨ ᠲᠥᠯᠥᠭᠡ᠂ ᠡᠳᠦᠭᠡ ᠬᠤᠲᠠ ᠶᠢᠨ ᠵᠠᠰᠠᠭ ᠤᠨ ᠣᠷᠳᠣᠨ ᠠᠴᠠ ᠲᠦᠩᠯᠢᠶᠣᠣ ᠬᠤᠲᠠ ᠶᠢᠨ ᠬᠤᠷᠴᠢᠨ ᠣᠷᠣᠰᠢᠭᠤᠯᠭ᠎ᠠ ᠶᠢᠨ ᠭᠠᠵᠠᠷ ᠤᠨ ᠲᠦᠷᠦᠯ ᠵᠦᠢᠯ ᠢ ᠪᠠᠶᠢᠭᠤᠯᠬᠤ ᠶᠢᠨ ᠳᠠᠭᠠᠤ ᠲᠥᠯᠦᠪᠵᠢᠭᠦᠯᠭᠡ ᠶᠢ ᠴᠣᠬᠤᠯᠠᠪᠤᠷᠢᠯᠠᠨ ᠬᠠᠷᠢᠭᠤᠯᠬᠤ ᠶᠢ ᠬᠦᠯᠢᠶᠡᠭᠰᠡᠨ ᠤ ᠳᠠᠷᠠᠭ᠎ᠠ ᠬᠠᠮᠢᠶ᠎ᠠ ᠪᠦᠬᠦᠢ ᠲᠥᠯᠦᠪᠵᠢᠭᠦᠯᠭᠡ ᠶᠢᠨ ᠭᠠᠷᠳᠠᠮ ᠢ ᠨᠥᠬᠦᠵᠦ ᠭᠦᠢᠴᠡᠳᠬᠡᠬᠦ ᠶᠢ ᠵᠥᠪᠰᠢᠶᠡᠷᠡᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠂ ︽ᠬᠢᠲᠠᠳ ᠮᠣᠩᠭᠤᠯ ᠡᠮ ᠤᠨ ᠬᠤᠲᠠ︾ ᠶᠢᠨ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠢᠵᠠᠭᠠᠷᠯᠠᠬᠤ ᠲᠣᠭᠲᠠᠭᠠᠯ ᠳᠤ ᠲᠥᠯᠥᠪᠵᠢᠭᠦᠯᠦᠭᠰᠡᠨ ᠬᠤᠳᠠᠯᠳᠤᠭᠠᠨ ᠤ ᠬᠡᠷᠡᠭᠯᠡᠬᠦ ᠭᠠᠵᠠᠷ ᠰᠢᠷᠣᠢ ᠶᠢᠨ ᠬᠡᠰᠡᠭ ᠭᠠᠵᠠᠷ ︵ᠡᠮᠦᠨᠡᠰᠢ ᠪᠠᠨ ᠨᠣᠭᠤᠭᠠᠷᠠᠭᠤᠯᠤᠯᠲᠠ ᠶᠢᠨ ᠪᠦᠰᠡ᠂ ᠵᠡᠭᠦᠨ ᠪᠠᠷᠠᠭᠤᠨ ᠬᠤᠶᠠᠷ ᠬᠠᠵᠠᠭᠤ ᠶᠢᠨ ᠵᠠᠮ᠂ ᠲᠠᠯᠠᠪᠠᠶ ᠨᠢ 32044.74 ᠲᠡᠭᠰᠢ ᠳᠥᠷᠪᠡᠯᠵᠢᠨ ᠮᠧᠲᠷ︶ ᠢ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ᠰᠢᠨᠵᠢ ᠴᠢᠨᠠᠷ ᠪᠣᠯᠭᠠᠨ ᠲᠣᠬᠢᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃                                                                                                                      ᠡᠭᠦᠨ ᠤ ᠲᠤᠯᠠ ᠵᠢᠭᠠᠪᠤᠷᠢ ᠠᠪᠬᠤ                  2023 ᠣᠨ ᠤ 8 ᠰᠠᠷ᠎ᠠ ᠶᠢᠨ 15 ᠤ ᠡᠳᠦᠷ 
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号