ᠬᠤᠷᠴᠢᠨ ᠲᠣᠭᠤᠷᠢᠭ ᠤᠨ 2023 ᠣᠨ ᠤ 1 ︱ 7 ᠳ᠋ᠤᠭᠠᠷ ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2023/8/23
      2023 ᠣᠨ ᠤ 1 ︱ 7 ᠳ᠋ᠤᠭᠠᠷ ᠰᠠᠷ᠎ᠠ ᠳᠤ ᠬᠤᠷᠴᠢᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 105.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠪᠠᠭᠤᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.3% ᠪᠠᠷ ᠪᠠᠭᠤᠷᠠᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 74.8% ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 30.27 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 19.8% ᠪᠠᠷ ᠪᠠᠭᠤᠷᠠᠪᠠ᠃       ᠭᠤᠣᠯ ᠲᠤᠭ᠎ᠠ ᠪᠦᠷᠢᠳᠬᠡᠯ ᠤᠨ ᠭᠦᠢᠴᠡᠳᠬᠡᠯ ᠲᠣᠭᠠᠨ ᠤ ᠲᠠᠶᠢᠯᠪᠤᠷᠢ        1. ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ᠄ ᠵᠢᠯ ᠤᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠠᠤᠯᠢ ᠶᠢᠨ ᠡᠷᠬᠡᠲᠡᠨ ᠤ ᠠᠵᠤ ᠠᠬᠤᠶᠢᠯᠠᠯ᠃       2. ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠬᠤᠳᠠ ᠬᠥᠳᠡᠭᠡ ᠶᠢᠨ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠤᠭᠤᠯᠤᠯᠳᠠ᠃       3.ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠣᠭᠠᠨ ᠤ ᠳᠣᠲᠣᠷᠠᠬᠢ ᠬᠢᠵᠠᠭᠠᠷ ᠲᠤᠭ᠎ᠠ ᠠᠴᠠ ᠳᠡᠭᠡᠭᠰᠢᠬᠢ ᠭᠦᠢᠴᠡᠳᠬᠡᠯ ᠤᠨ ᠲᠠᠶᠢᠯᠪᠤᠷᠢ        ᠪᠥᠭᠡᠮ ᠢᠶᠠᠷ ᠬᠤᠳᠠᠯᠳᠤᠬᠤ ᠦᠢᠯᠡᠰ᠄ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠠᠴᠠ ᠳᠡᠭᠡᠭᠰᠢ︔        ᠵᠢᠵᠢᠭᠯᠡᠨ ᠬᠤᠳᠠᠯᠳᠤᠬᠤ ᠦᠢᠯᠡᠰ᠄ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢ︔        ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ᠄ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 200 ᠲᠦᠮᠡᠨ ᠲᠥᠭᠦᠷᠢᠭ ᠠᠴᠠ ᠳᠡᠭᠡᠭᠰᠢ᠃  
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号