| ᠲᠣᠪᠴᠢᠯᠠᠯ᠄ ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠲᠦᠪᠡᠭᠲᠡᠢ | ᠠᠰᠠᠭᠤᠳᠠᠯ ᠳᠤ ᠬᠠᠷᠢᠭᠤᠯᠲᠠ ᠥᠭᠭᠦᠨ᠎ᠡ᠃ | 【ᠰᠣᠷᠪᠤᠯᠵᠢᠯᠠᠭ᠎ᠠ ᠶᠢᠨ ᠬᠦᠨᠳᠦᠲᠦ ᠵᠣᠴᠢᠨ】ᠬᠤᠷᠴᠢᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠠᠩ ᠬᠠᠢ ᠹᠧᠩ | 【ᠭᠤᠣᠯ ᠠᠭᠤᠯᠭ᠎ᠠ】ᠤᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠬᠠᠯᠠᠭᠤᠨ ᠴᠡᠭ ᠤᠨ ᠪᠠ ᠪᠡᠷᠬᠡᠲᠡᠢ | ᠠᠰᠠᠭᠤᠳᠠᠯ ᠳᠤ ᠬᠠᠷᠢᠭᠤᠯᠲᠠ ᠥᠭᠭᠦᠨ᠎ᠡ᠃ | ᠬᠥᠲᠥᠯᠥᠭᠴᠢ᠄ ᠦᠵᠡᠭᠴᠢᠳ ᠰᠠᠶᠢᠨ ᠪᠠᠶᠢᠵᠠᠭᠠᠨ᠎ᠠ ᠦᠦ︖ ᠥᠨᠥᠳᠥᠷ ᠪᠢᠳᠡ ᠮᠠᠰᠢ ᠠᠵᠠ ᠵᠠᠪᠰᠢᠶᠠᠨ ᠲᠠᠢ ᠪᠠᠷ | ᠬᠤᠷᠴᠢᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠵᠠᠩ ᠬᠠᠢ ᠹᠧᠩ ᠢ | ᠰᠤᠷᠪᠤᠯᠵᠢᠯᠠᠨ ᠶᠠᠷᠢᠯᠴᠠᠬᠤ ᠲᠤᠬᠠᠢ ᠶᠢᠨ ᠲᠠᠯᠠᠪᠤᠷ ᠲᠤ ᠤᠷᠢᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠭᠤᠨ | ᠴᠡᠭ ᠤᠨ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠠᠷᠭ᠎ᠠ ᠬᠡᠮᠵᠢᠶ᠎ᠡ ᠪᠠᠨ ᠬᠡᠯᠡᠯᠴᠡᠨ᠂ ᠣᠪᠣᠷ ᠢᠶᠠᠨ | ᠢᠯᠡᠳᠬᠡᠵᠦ᠂ ᠨᠡᠶᠢᠭᠡᠮ ᠤᠨ ᠣᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ | ᠬᠥᠲᠥᠯᠥᠭᠴᠢ᠄ ᠵᠠᠩ ᠲᠣᠪᠴᠢᠶᠠᠨ ᠳᠠᠷᠤᠭ᠎ᠠ ᠠ᠋᠂ ᠲᠠ ᠰᠠᠶᠢᠨ ᠦᠦ︖ | ᠵᠠᠩ ᠬᠠᠢ ᠹᠧᠩ᠄ ᠬᠥᠲᠥᠯᠥᠭᠴᠢ ᠠ᠋᠂ ᠲᠠ ᠰᠠᠶᠢᠨ ᠦᠦ︖ | ᠬᠥᠲᠥᠯᠥᠭᠴᠢ᠄ ᠦᠶᠡᠷ ᠤᠰᠤᠲᠤᠯ᠂ ᠪᠣᠷᠣᠭᠠᠨ ᠴᠠᠰᠤᠨ ᠤ ᠭᠠᠮᠰᠢᠭ ᠤᠨ ᠬᠤᠭᠤᠴᠠᠭᠠᠨ ᠳᠤ ᠲᠡᠵᠢᠭᠡᠨ ᠦᠷᠡᠵᠢᠭᠦᠯᠬᠦ | ᠲᠠᠯᠠᠪᠠᠶ ᠶᠠᠭᠤᠨ ᠳᠤ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠬᠦ ᠪᠣᠶ︖ | ᠵᠠᠩ ᠬᠠᠢ ᠹᠧᠩ᠄ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠪᠡᠯ᠂ ᠠᠶᠤᠯ ᠲᠦᠭᠰᠢᠭᠦᠷᠢ ᠶᠢᠨ ᠪᠠᠶᠢᠳᠠᠯ ᠢ ᠴᠠᠭ | ᠲᠤᠬᠠᠢ ᠳᠤᠨᠢ ᠪᠠᠶᠢᠴᠠᠭᠠᠵᠤ᠂ ᠢᠯᠡᠷᠡᠭᠦᠯᠵᠦ᠂ ᠮᠡᠳᠡᠭᠦᠯᠵᠦ᠂ ᠠᠶᠤᠯ ᠲᠦᠭᠰᠢᠭᠦᠷᠢ ᠶᠢᠨ ᠪᠠᠶᠢᠳᠠᠯ ᠢ ᠴᠠᠭ ᠲᠤᠬᠠᠢ ᠳᠤᠨᠢ | ᠰᠢᠢᠳᠪᠦᠷᠢᠯᠡᠵᠦ᠂ ᠨᠠᠩ ᠶᠡᠭᠡ ᠬᠤᠬᠢᠷᠠᠯ ᠤᠴᠠᠷᠠᠭᠤᠯᠬᠤᠡᠴᠠ ᠵᠠᠶᠢᠯᠠᠰᠬᠢᠵᠦ ᠪᠣᠯᠣᠨ᠎ᠠ᠃ | ᠬᠥᠲᠥᠯᠥᠭᠴᠢ᠄ ᠦᠶᠡᠷ ᠤᠰᠤᠲᠤᠯ᠂ ᠪᠣᠷᠣᠭᠠᠨ ᠴᠠᠰᠤᠨ ᠤ ᠭᠠᠮᠰᠢᠭ ᠤᠨ ᠬᠤᠭᠤᠴᠠᠭᠠᠨ ᠳᠤ ᠶᠠᠭᠤᠨ ᠳᠤ ᠭᠠᠮᠰᠢᠭ ᠤᠨ | ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ᠪᠣᠶ︖ | ᠵᠠᠩ ᠬᠠᠢ ᠹᠧᠩ᠄ ᠭᠠᠮᠰᠢᠭᠳᠠᠭᠰᠠᠨ ᠲᠡᠵᠢᠭᠡᠨ ᠦᠷᠡᠵᠢᠭᠦᠯᠬᠦ ᠲᠠᠯᠠᠪᠠᠶ ᠨᠢ ᠪᠠᠶᠢᠭ᠎ᠠ ᠭᠠᠵᠠᠷ ᠤᠨ ᠢᠶᠠᠨ ᠮᠠᠯ ᠠᠵᠤ ᠠᠬᠤᠢ | ᠮᠠᠯ ᠡᠮᠨᠡᠯᠭᠡ ᠶᠢᠨ ᠰᠠᠯᠠᠭ᠎ᠠ ᠮᠥᠴᠢᠷ ᠲᠤ ᠭᠠᠮᠰᠢᠭᠳᠠᠭᠰᠠᠨ ᠭᠠᠮᠰᠢᠭ ᠤᠨ ᠪᠠᠶᠢᠳᠠᠯ ᠪᠠ ᠬᠤᠬᠢᠷᠠᠯ ᠤᠨ ᠪᠠᠶᠢᠳᠠᠯ ᠢ ᠴᠠᠭ | ᠲᠤᠬᠠᠢ ᠳᠤᠨᠢ ᠮᠡᠳᠡᠭᠦᠯᠵᠦ᠂ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠠ ᠵᠠᠰᠠᠭ ᠤᠨ ᠣᠷᠳᠣᠨ ᠤ | ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠬᠤ ᠬᠡᠷᠡᠭᠲᠡᠢ᠃ | | ᠬᠥᠲᠥᠯᠥᠭᠴᠢ᠄ ᠶᠠᠭᠤ ᠶᠢ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠨᠠᠨ ᠪᠠᠶᠢᠴᠠᠭᠠᠯᠲᠠ ᠭᠡᠬᠦ ᠪᠣᠶ︖ | ᠶᠠᠭᠤᠨ ᠳᠤ ᠬᠠᠮᠢᠶ᠎ᠠ ᠪᠦᠬᠦᠢ ᠲᠠᠯᠠᠪᠤᠷ ᠲᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠨᠠᠨ ᠪᠠᠶᠢᠴᠠᠭᠠᠯᠲᠠ ᠶᠢᠨ ᠠᠵᠢᠯ ᠢ | ᠥᠷᠨᠢᠭᠦᠯᠬᠦ ᠪᠣᠶ︖ | ᠵᠠᠩ ᠬᠠᠢ ᠹᠧᠩ᠄ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠢ ᠬᠢᠨᠠᠨ ᠪᠠᠶᠢᠴᠠᠭᠠᠬᠤ ᠪᠣᠯ ᠠᠮᠢᠲᠠᠨ ᠤ ᠬᠢᠵᠢᠭ ᠢ | ᠰᠡᠷᠭᠡᠶᠢᠯᠡᠬᠦ ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠠᠮᠢᠳᠡᠠ ᠤ ᠬᠢᠵᠢᠭ ᠢ ᠰᠡᠷᠭᠡᠶᠢᠯᠡᠬᠦ ᠨᠥᠬᠦᠴᠡᠯ ᠢ ᠬᠢᠨᠠᠨ | ᠪᠠᠶᠢᠴᠠᠭᠠᠬᠤ ᠲᠤᠶᠢᠷᠢᠮ ᠪᠣᠯ ᠤᠯᠤᠰ ᠤᠨ ᠠᠮᠢᠳᠡᠠ ᠤ ᠬᠢᠵᠢᠭ ᠢ ᠰᠡᠷᠭᠡᠶᠢᠯᠡᠬᠦ ᠠᠵᠢᠯ ᠤᠨ ᠦᠨᠳᠦᠰᠦᠨ ᠲᠤᠶᠢᠷᠢᠮ ᠮᠥᠨ᠃ | ᠠᠮᠢᠲᠠᠨ ᠲᠡᠵᠢᠭᠡᠬᠦ ᠲᠠᠯᠠᠪᠠᠶ᠂ ᠠᠮᠢᠲᠠᠨ ᠢ ᠲᠤᠰᠠᠭᠠᠷᠯᠠᠬᠤ ᠲᠠᠯᠠᠪᠤᠷ᠂ ᠠᠮᠢᠲᠠᠨ ᠢ ᠨᠢᠲᠤᠯᠵᠤ ᠡᠳ᠋ᠰᠢᠭᠦᠯᠬᠦ ᠲᠠᠯᠠᠪᠤᠷ᠂ | ᠠᠮᠢᠲᠠᠨ ᠪᠠ ᠠᠮᠢᠲᠠᠨ ᠤ ᠠᠰᠢᠭ ᠰᠢᠮ᠎ᠡ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠠᠯᠠᠪᠤᠷ ᠵᠡᠷᠭᠡ ᠳᠥᠷᠪᠡᠨ | ᠲᠥᠷᠥᠯ ᠤᠨ ᠲᠠᠯᠠᠪᠤᠷ ᠪᠣᠯ ᠠᠮᠢᠲᠠᠨ ᠤ ᠬᠢᠵᠢᠭ ᠢ ᠰᠡᠷᠭᠡᠶᠢᠯᠡᠬᠦ ᠬᠠᠮᠢᠶᠠᠷᠤᠯᠲᠠ ᠶᠢᠨ ᠭᠤᠣᠯᠳᠠᠯᠭ᠎ᠠ ᠪᠣᠯᠣᠨ᠎ᠠ᠃ | ᠬᠥᠲᠥᠯᠥᠭᠴᠢ᠄ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠳᠤ ᠶᠠᠮᠠᠷ ᠶᠠᠮᠠᠷ ᠠᠭᠤᠯᠭ᠎ᠠ ᠪᠠᠭᠲᠠᠬᠤ ᠪᠣᠶ︖ | ᠵᠠᠩ ᠬᠠᠢ ᠹᠧᠩ᠄ ︽ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠢ ᠬᠢᠨᠠᠨ ᠪᠠᠶᠢᠴᠠᠭᠠᠬᠤ ᠠᠷᠭ᠎ᠠ︾ ᠶᠢᠨ ᠲᠣᠭᠲᠠᠭᠠᠯ ᠢ | ᠦᠨᠳᠦᠰᠦᠯᠡᠪᠡᠯ᠂ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠳᠤ ᠬᠠᠮᠢᠶ᠎ᠠ ᠪᠦᠬᠦᠢ ᠲᠠᠯᠠᠪᠤᠷ ᠭᠠᠵᠠᠷ ᠤᠨ ᠭᠠᠵᠠᠷ | ᠰᠣᠩᠭᠤᠬᠤ᠂ ᠪᠠᠶᠢᠷᠢᠯᠠᠭᠤᠯᠬᠤ᠂ ᠪᠠᠷᠢᠯᠭ᠎ᠠ ᠶᠢᠨ ᠵᠢᠷᠤᠭ ᠲᠥᠯᠥᠪᠯᠡᠭᠡ ᠪᠠ ᠬᠠᠮᠢᠶ᠎ᠠ ᠪᠦᠬᠦᠢ ᠴᠤᠪᠤᠷᠠᠯ᠂ ᠪᠡᠯᠡᠳᠬᠡᠮᠵᠢ | ᠲᠥᠬᠦᠭᠡᠷᠦᠮᠵᠢ᠂ ᠠᠵᠢᠯᠲᠠᠨ ᠤ ᠲᠣᠬᠢᠷᠠᠭᠤᠯᠤᠯᠲᠠ᠂ ᠠᠮᠢᠲᠠᠨ ᠤ ᠬᠢᠵᠢᠭ ᠢ ᠰᠡᠷᠭᠡᠶᠢᠯᠡᠬᠦ ᠳᠦᠷᠢᠮ ᠵᠡᠷᠭᠡ ᠪᠠᠭᠲᠠᠨ᠎ᠠ᠃ | ᠬᠥᠲᠥᠯᠥᠭᠴᠢ᠄ ᠠᠮᠢᠲᠠᠨ ᠤ ᠬᠢᠵᠢᠭ ᠤᠨ ᠪᠠᠶᠢᠴᠠᠭᠠᠯᠲᠠ ᠶᠢ ᠮᠡᠳᠡᠭᠦᠯᠬᠦ ᠴᠠᠭ ᠤᠨ ᠬᠢᠵᠠᠭᠠᠷ ᠤᠨ ᠲᠤᠬᠠᠢ ᠶᠠᠮᠠᠷ | ᠲᠣᠭᠲᠠᠭᠠᠯ ᠲᠠᠢ ᠪᠣᠶ︖ | ᠵᠠᠩ ᠬᠠᠢ ᠹᠧᠩ᠄ ︽ᠠᠷᠭ᠎ᠠ︾ ᠶᠢᠨ ᠨᠠᠢᠮᠠᠳᠤᠭᠠᠷ ᠵᠦᠢᠯ ᠳᠤ᠂ ᠠᠮᠢᠲᠠᠨ᠂ ᠠᠮᠢᠲᠠᠨ ᠤ ᠠᠰᠢᠭ ᠰᠢᠮ᠎ᠡ ᠶᠢ | ᠬᠤᠳᠠᠯᠳᠤᠬᠤ ᠪᠤᠶᠤ ᠲᠡᠭᠡᠭᠡᠪᠦᠷᠢᠯᠡᠬᠦ ᠳᠤ᠂ ᠪᠠᠷᠠᠭᠠᠨ ᠤ ᠡᠵᠡᠨ ᠨᠢ ᠪᠠᠶᠢᠭ᠎ᠠ ᠭᠠᠵᠠᠷ ᠤᠨ ᠢᠶᠠᠨ ᠠᠮᠢᠲᠠᠨ ᠤ ᠡᠷᠡᠭᠦᠯ | ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠳᠤ ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠭᠤᠷᠪᠠᠨ ᠡᠳᠦᠷ ᠤᠨ | ᠡᠮᠦᠨ᠎ᠡ ᠮᠡᠳᠡᠭᠦᠯᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠠᠮᠢᠲᠠᠨ ᠢ ᠨᠢᠲᠤᠯᠬᠤ ᠳᠤ ᠬᠦᠷᠪᠡᠯ᠂ ᠪᠠᠶᠢᠭ᠎ᠠ | ᠭᠠᠵᠠᠷ ᠤᠨ ᠢᠶᠠᠨ ᠠᠮᠢᠲᠠᠨ ᠤ ᠡᠷᠡᠭᠦᠯ ᠬᠠᠮᠠᠭᠠᠯᠠᠯᠳᠤ ᠬᠢᠨᠠᠯᠲᠠ ᠲᠠᠯᠪᠢᠬᠤ ᠪᠠᠶᠢᠭᠤᠯᠤᠮᠵᠢ ᠳᠤ ᠬᠢᠵᠢᠭ ᠤᠨ ᠪᠠᠶᠢᠴᠠᠭᠠᠯᠲᠠ | ᠬᠢᠯᠭᠡᠬᠦ ᠪᠠᠷ ᠵᠢᠷᠭᠤᠭᠠᠨ ᠴᠠᠭ ᠤᠨ ᠡᠮᠦᠨ᠎ᠡ ᠮᠡᠳᠡᠭᠦᠯᠬᠦ ᠬᠡᠷᠡᠭᠲᠡᠢ; ᠠᠮᠢᠲᠠᠨ ᠢ ᠲᠦᠷᠭᠡᠨ ᠠᠯᠠᠬᠤ ᠳᠤ ᠬᠦᠷᠪᠡᠯ ᠴᠠᠭ ᠲᠤᠬᠠᠢ | ᠳᠤᠨᠢ ᠮᠡᠳᠡᠭᠦᠯᠵᠦ ᠪᠣᠯᠣᠨ᠎ᠠ᠃ ᠪᠣᠳᠠᠲᠠᠢ ᠬᠢᠬᠦ ᠶᠠᠪᠤᠴᠠ ᠳᠤ᠂ ᠲᠦᠷᠭᠡᠨ ᠠᠯᠠᠵᠤ ᠪᠠᠶᠢᠭ᠎ᠠ ᠠᠮᠢᠲᠠᠨ ᠢ ᠣᠨᠣᠪᠴᠢᠲᠠᠶ | ᠮᠠᠭᠠᠳᠯᠠᠨ ᠲᠣᠭᠲᠠᠭᠠᠬᠤ ᠴᠢᠬᠤᠯᠠᠲᠠᠢ᠂ ᠠᠯᠠᠬᠤ ᠪᠠᠷ ᠪᠠᠶᠢᠭ᠎ᠠ ᠠᠮᠢᠲᠠᠨ ᠳᠤ ᠨᠠᠷᠠᠰᠢᠬᠤ᠂ ᠰᠡᠷᠡᠯᠵᠢᠬᠦ᠂ ᠮᠧᠬᠠᠨᠢᠭ ᠤᠨ | ᠴᠢᠨᠠᠷᠲᠠᠢ ᠭᠡᠮᠲᠦᠯ ᠵᠡᠷᠭᠡ ᠠᠮᠢᠲᠠᠨ ᠤ ᠢᠷᠡᠯᠲᠡ ᠶᠢᠨ ᠴᠢᠨᠠᠷᠲᠠᠢ ᠢᠳᠡᠭᠡᠨ ᠤ ᠠᠮᠤᠷ ᠲᠦᠪᠰᠢᠨ ᠢ ᠨᠥᠯᠥᠭᠡᠯᠡᠬᠦ ᠦᠭᠡᠢ | ᠪᠠᠶᠢᠳᠠᠯ ᠢᠯᠡᠷᠡᠭᠰᠡᠨ ᠮᠥᠷᠲᠡᠭᠡᠨ ᠠᠮᠢᠲᠠᠨ ᠦᠬᠦᠬᠦ ᠰᠢᠬᠠᠭᠰᠠᠨ ᠪᠠᠶᠢᠪᠠᠯ᠂ ᠲᠦᠷᠭᠡᠨ ᠠᠯᠠᠵᠤ ᠪᠠᠶᠢᠭ᠎ᠠ ᠠᠮᠢᠲᠠᠨ ᠢᠶᠠᠷ | ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠮᠡᠳᠡᠭᠦᠯᠵᠦ ᠪᠣᠯᠣᠨ᠎ᠠ᠃ | ᠬᠥᠲᠥᠯᠥᠭᠴᠢ᠄ ᠠᠮᠢᠲᠠᠨ ᠢ ᠣᠨᠣᠰᠢᠯᠠᠨ ᠡᠮᠨᠡᠬᠦ ᠠᠵᠢᠯᠯᠠᠭ᠎ᠠ ᠶᠢ ᠡᠷᠭᠢᠯᠡᠨ ᠬᠢᠬᠦ ᠪᠠᠶᠢᠭᠤᠯᠤᠮᠵᠢ ᠨᠢ ᠶᠠᠮᠠᠷ ᠶᠠᠮᠠᠷ | ᠨᠥᠬᠦᠴᠡᠯ ᠢ ᠪᠦᠷᠢᠯᠳᠦᠭᠦᠯᠬᠦ ᠬᠡᠷᠡᠭᠲᠡᠢ ᠪᠣᠶ︖ | ᠵᠠᠩ ᠬᠠᠢ ᠹᠧᠩ᠄ ︵ᠨᠢᠭᠡ︶ ᠠᠮᠢᠲᠠᠨ ᠢ ᠣᠨᠣᠰᠢᠯᠠᠨ ᠡᠮᠨᠡᠬᠦ ᠠᠵᠢᠯᠯᠠᠭ᠎ᠠ ᠲᠠᠢ ᠵᠣᠬᠢᠴᠠᠯᠳᠤᠭᠰᠠᠨ ᠪᠥᠭᠡᠳ ᠠᠮᠢᠲᠠᠨ ᠤ | ᠬᠢᠵᠢᠭ ᠢ ᠰᠡᠷᠭᠡᠶᠢᠯᠡᠬᠦ ᠨᠥᠬᠦᠴᠡᠯ ᠳᠤ ᠨᠡᠶᠢᠴᠡᠭᠰᠡᠨ ᠲᠠᠯᠠᠪᠤᠷ ᠭᠠᠵᠠᠷ ᠲᠠᠢ ︵ᠬᠤᠶᠠᠷ︶ ᠠᠮᠢᠲᠠᠨ ᠢ ᠣᠨᠣᠰᠢᠯᠠᠨ ᠡᠮᠨᠡᠬᠦ | ᠠᠵᠢᠯᠯᠠᠭ᠎ᠠ ᠲᠠᠢ ᠵᠣᠬᠢᠴᠠᠯᠳᠤᠭᠰᠠᠨ ᠠᠵᠢᠯ ᠡᠷᠭᠢᠯᠡᠬᠦ ᠮᠠᠯ ᠤᠨ ᠡᠮᠴᠢ ᠲᠠᠢ ︵ᠭᠤᠷᠪᠠ︶ ᠠᠮᠢᠲᠠᠨ ᠢ ᠣᠨᠣᠰᠢᠯᠠᠨ ᠡᠮᠨᠡᠬᠦ | ᠠᠵᠢᠯᠯᠠᠭ᠎ᠠ ᠲᠠᠢ ᠵᠣᠬᠢᠴᠠᠯᠳᠤᠭᠰᠠᠨ ᠮᠠᠯ ᠡᠮᠨᠡᠯᠭᠡ ᠶᠢᠨ ᠪᠠᠭᠠᠵᠢ ᠬᠡᠷᠡᠭᠰᠡᠯ ᠪᠠ ᠲᠣᠨᠤᠭ ᠲᠥᠬᠦᠭᠡᠷᠦᠮᠵᠢ ᠲᠠᠢ ︵ᠳᠥᠷᠪᠡ︶ | ᠪᠦᠷᠢᠨ ᠲᠡᠭᠦᠯᠳᠡᠷ ᠬᠠᠮᠢᠶᠠᠷᠤᠯᠲᠠ ᠶᠢᠨ ᠳᠦᠷᠢᠮ ᠲᠠᠢ ᠪᠠᠶᠢᠬᠤ᠃ | ᠬᠥᠲᠥᠯᠥᠭᠴᠢ᠄ ᠶᠠᠮᠠᠷ ᠪᠠᠶᠢᠳᠠᠯ ᠳᠣᠣᠷ᠎ᠠ ᠠᠮᠢᠲᠠᠨ᠂ ᠠᠮᠢᠲᠠᠨ ᠤ ᠠᠰᠢᠭ ᠰᠢᠮ᠎ᠡ ᠳᠤ ᠬᠠᠤᠯᠢ ᠶᠣᠰᠣᠭᠠᠷ ᠨᠥᠬᠦᠪᠦᠷᠢ | ᠥᠭᠬᠦ ᠪᠣᠶ︖ | ᠵᠠᠩ ᠬᠠᠢ ᠹᠧᠩ᠄ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ ᠳᠤ᠄ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ | ᠰᠡᠷᠭᠡᠶᠢᠯᠡᠬᠦ᠂ ᠬᠢᠵᠠᠭᠠᠷᠯᠠᠬᠤ ᠪᠠ ᠠᠷᠢᠯᠭᠠᠬᠤ ᠶᠠᠪᠤᠴᠠ ᠳᠤ ᠠᠯᠪᠠᠳᠠᠯᠭ᠎ᠠ ᠪᠠᠷ ᠠᠯᠠᠭᠰᠠᠨ ᠠᠮᠢᠲᠠᠨ᠂ ᠤᠰᠠᠳᠬᠠᠭᠰᠠᠨ | ᠠᠮᠢᠲᠠᠨ ᠤ ᠠᠰᠢᠭ ᠰᠢᠮ᠎ᠡ ᠪᠣᠯᠣᠨ ᠬᠤᠯᠪᠣᠭᠳᠠᠯ ᠪᠦᠬᠦᠢ ᠡᠳ᠋ ᠪᠣᠳᠠᠰ ᠲᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠬᠡᠷᠡᠭᠲᠡᠢ ᠭᠡᠵᠦ ᠲᠣᠭᠲᠠᠭᠠᠵᠠᠢ᠃ ᠨᠥᠬᠦᠪᠦᠷᠢ ᠥᠭᠬᠦ ᠪᠣᠳᠠᠲᠠᠢ | ᠪᠠᠷᠢᠮᠵᠢᠶ᠎ᠠ ᠪᠠ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠶᠣᠰᠣᠭᠠᠷ ᠠᠯᠪᠠᠳᠠᠯᠭ᠎ᠠ ᠪᠠᠷ ᠴᠠᠷᠤᠯᠲᠠ ᠬᠢᠯᠭᠡᠭᠰᠡᠨ ᠠᠴᠠ | ᠪᠣᠯᠵᠤ ᠠᠮᠢᠳᠠᠨ ᠢ ᠰᠠᠷᠠᠯᠵᠢᠨ ᠦᠬᠦᠭᠦᠯᠦᠭᠰᠡᠨ ᠪᠠᠶᠢᠪᠠᠯ ᠲᠥᠯᠥᠪᠦᠷᠢ ᠥᠭᠭᠦᠨ᠎ᠡ᠃ ᠨᠥᠬᠦᠪᠦᠷᠢ ᠥᠭᠬᠦ ᠪᠣᠳᠠᠲᠠᠢ ᠪᠠᠷᠢᠮᠵᠢᠶ᠎ᠠ | ᠪᠠ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃ | ᠬᠥᠲᠥᠯᠥᠭᠴᠢ᠄ ᠠᠮᠢᠲᠠᠨ ᠲᠡᠵᠢᠭᠡᠬᠦ ᠲᠠᠯᠠᠪᠠᠶ ︵ᠲᠡᠵᠢᠭᠡᠨ ᠦᠷᠡᠵᠢᠭᠦᠯᠬᠦ ᠵᠢᠵᠢᠭ ᠲᠣᠭᠤᠷᠢᠭ︶᠂ ᠠᠮᠢᠲᠠᠨ ᠢ ᠨᠢᠲᠤᠯᠵᠤ | ᠡᠳ᠋ᠰᠢᠭᠦᠯᠬᠦ ᠵᠡᠷᠭᠡ ᠲᠠᠯᠠᠪᠠᠶ ᠨᠢ ᠶᠠᠮᠠᠷ ᠶᠠᠮᠠᠷ ᠠᠮᠢᠲᠠᠨ ᠤ ᠬᠢᠵᠢᠭ ᠢ ᠰᠡᠷᠭᠡᠶᠢᠯᠡᠬᠦ ᠨᠥᠬᠦᠴᠡᠯ ᠳᠤ ᠨᠡᠶᠢᠴᠡᠭᠰᠡᠨ ᠪᠠᠶᠢᠬᠤ | ᠬᠡᠷᠡᠭᠲᠡᠢ ᠪᠣᠶ︖ | ᠵᠠᠩ ᠬᠠᠢ ᠹᠧᠩ᠄ ︵ᠨᠢᠭᠡ︶ ᠲᠠᠯᠠᠪᠤᠷ ᠭᠠᠵᠠᠷ ᠤᠨ ᠪᠠᠶᠢᠷᠢᠯᠠᠯ ᠪᠣᠯᠣᠨ ᠰᠠᠭᠤᠭᠠᠯᠢ ᠠᠷᠠᠳ ᠤᠨ ᠠᠮᠢᠳᠤᠷᠠᠯ ᠤᠨ | ᠲᠣᠭᠤᠷᠢᠭ᠂ ᠠᠮᠢᠳᠤᠷᠠᠯ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ | ᠵᠡᠷᠭᠡ ᠤᠯᠠᠨ ᠨᠡᠶᠢᠲᠡ ᠶᠢᠨ ᠲᠠᠯᠠᠪᠤᠷ ᠤᠨ ᠬᠤᠭᠤᠷᠣᠨᠳᠣᠬᠢ ᠵᠠᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ | ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ︵ᠬᠤᠶᠠᠷ︶ | ᠦᠢᠯᠡᠳᠪᠦᠷᠢᠯᠡᠯ ᠤᠨ ᠲᠣᠭᠤᠷᠢᠭ ᠢ ᠪᠢᠲᠡᠭᠦᠮᠵᠢᠯᠡᠨ ᠲᠤᠰᠠᠭᠠᠷᠯᠠᠬᠤ; ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠣᠨ ᠭᠠᠷ | ᠤᠷᠠᠯᠠᠯ ᠤᠨ ᠶᠠᠪᠤᠴᠠ ᠨᠢ ᠠᠮᠢᠲᠠᠨ ᠤ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠨ᠎ᠡ ︵ᠭᠤᠷᠪᠠ︶ ᠵᠣᠬᠢᠴᠠᠩᠭᠤᠢ | ᠪᠣᠬᠢᠷ ᠤᠰᠤ ᠲᠠᠢ ᠪᠠᠶᠢᠬᠤ᠂ ᠪᠣᠬᠢᠷ ᠪᠣᠳᠠᠰ᠂ ᠡᠪᠡᠳᠴᠢᠨ ᠢᠶᠠᠷ ᠦᠬᠦᠭᠰᠡᠨ ᠠᠮᠢᠲᠠᠨ᠂ ᠬᠢᠵᠢᠭ ᠬᠠᠯᠳᠠᠪᠤᠷᠢᠯᠠᠭᠰᠠᠨ ᠠᠮᠢᠲᠠᠨ ᠤ | ᠠᠰᠢᠭ ᠰᠢᠮ᠎ᠡ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠪᠠ ᠤᠬᠢᠶᠠᠨ ᠴᠡᠪᠡᠷᠯᠡᠵᠦ | ᠠᠷᠢᠭᠤᠳᠬᠠᠬᠤ ᠪᠡᠯᠡᠳᠬᠡᠮᠵᠢ ᠲᠥᠬᠦᠭᠡᠷᠦᠮᠵᠢ ︵ᠳᠥᠷᠪᠡ︶ ᠲᠡᠭᠦᠨ ᠳᠤ ᠦᠢᠯᠡᠴᠢᠯᠡᠬᠦ ᠠᠮᠢᠲᠠᠨ ᠤ ᠬᠢᠵᠢᠭ ᠢ ᠰᠡᠷᠭᠡᠶᠢᠯᠡᠬᠦ | ᠮᠡᠷᠭᠡᠵᠢᠯ ᠤᠨ ᠠᠵᠢᠯᠲᠠᠨ︵ᠲᠠᠪᠤ︶ ᠠᠮᠢᠲᠠᠨ ᠤ ᠬᠢᠵᠢᠭ ᠢ ᠰᠡᠷᠭᠡᠶᠢᠯᠡᠬᠦ ᠪᠦᠷᠢᠨ ᠲᠡᠭᠦᠯᠳᠡᠷ ᠳᠦᠷᠢᠮ ︵ᠵᠢᠷᠭᠤᠭ᠎ᠠ︶ ᠲᠦᠷᠦ ᠶᠢᠨ | ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠠᠮᠢᠲᠠᠨ ᠤ | ᠬᠢᠵᠢᠭ ᠢ ᠰᠡᠷᠭᠡᠶᠢᠯᠡᠬᠦ ᠪᠤᠰᠤᠳ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ | ᠬᠥᠲᠥᠯᠥᠭᠴᠢ᠄ ᠵᠠ᠂ ᠵᠠᠩ ᠲᠣᠪᠴᠢᠶᠠᠨ ᠳᠠᠷᠤᠭ᠎ᠠ ᠶᠢᠨ ᠮᠠᠨ ᠤ ᠰᠣᠷᠪᠤᠯᠵᠢᠯᠠᠭ᠎ᠠ ᠶᠢ ᠬᠦᠯᠢᠶᠡᠵᠦ ᠠᠪᠤᠭᠰᠠᠨ ᠳᠤ ᠮᠠᠰᠢ | ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠪᠢᠳᠡ ᠳᠠᠷᠠᠭ᠎ᠠ | ᠬᠤᠭᠤᠴᠠᠭᠠᠨ ᠳᠤ ᠳᠠᠬᠢᠨ ᠠᠭᠤᠯᠵᠠᠶ᠎ᠠ᠃ | | | | |