ᠬᠤᠷᠴᠢᠨ ᠲᠣᠭᠤᠷᠢᠭ᠄ ᠬᠢᠲᠠᠳ ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠢ ᠬᠡᠷᠡᠭᠵᠢᠭᠦᠯᠵᠦ ᠣᠯᠠᠨ ᠲᠦᠮᠡᠨ ᠤ ᠡᠷᠡᠭᠦᠯ ᠮᠡᠨᠳᠦ ᠳᠤ ᠪᠠᠲᠤᠯᠠᠭ᠎ᠠ ᠬᠠᠩᠭᠠᠨ᠎ᠠ
ᠨᠡᠶᠢᠲᠡᠯᠡᠭᠰᠡᠨ ᠴᠠᠭ᠄
2023/9/11
      ᠡᠨᠡ ᠵᠢᠯ᠂ ᠬᠤᠷᠴᠢᠨ ᠲᠣᠭᠤᠷᠢᠭ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠤ ᠠᠵᠢᠯᠯᠠᠭ᠎ᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠦᠢᠯᠡᠴᠢᠯᠡᠭᠡᠨ ᠤ ᠥᠷᠲᠡᠭᠡ ᠪᠠᠷ ᠰᠦᠯᠵᠢᠶᠡᠨ ᠤ ᠢᠷᠤᠭᠠᠷ ᠤᠨ ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠬᠢᠲᠠᠳ ᠡᠮ ᠡᠮᠨᠡᠯᠭᠡ ᠶᠢᠨ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠣᠶ ᠪᠣᠯᠭᠠᠨ᠎ᠠ᠃ ᠡᠭᠦᠨ ᠤ ᠵᠡᠷᠭᠡ ᠳᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ 29 ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠦᠬᠦᠨ ᠢᠶᠠᠷ ᠢᠶᠠᠨ ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠪᠠᠶᠢᠭᠤᠯᠬᠤ ᠶᠢ ᠲᠦᠯᠬᠢᠨ ᠠᠬᠢᠭᠤᠯᠪᠠ᠃ ᠡᠭᠦᠨ ᠠᠴᠠ ᠭᠠᠳᠠᠨ᠎ᠠ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ 4 ᠲᠥᠷᠥᠯ ᠤᠨ 6 ᠵᠦᠢᠯ ᠠᠴᠠ ᠳᠡᠭᠡᠭᠰᠢᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠷᠭᠡᠵᠢᠯ ᠤᠨ ᠠᠷᠭ᠎ᠠ ᠶᠢ ᠳᠡᠯᠭᠡᠷᠡᠭᠦᠯᠦᠨ᠂ ᠭᠤᠣᠯᠳᠠᠯᠭ᠎ᠠ ᠲᠠᠢ ᠬᠥᠮᠥᠰ ᠲᠤ 2 ᠵᠦᠢᠯ ᠠᠴᠠ ᠳᠡᠭᠡᠭᠰᠢᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃
 
ᠢᠷᠡᠯᠲᠡ᠄ ᠬᠤᠷᠴᠢᠨ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号