ᠡᠨᠡ ᠵᠢᠯ᠂ ᠬᠤᠷᠴᠢᠨ ᠲᠣᠭᠤᠷᠢᠭ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ | ᠳᠤᠮᠳᠠ᠂ ᠲᠠᠬᠢᠨ ᠶᠠᠳᠠᠭᠤᠷᠠᠬᠤ ᠠᠴᠠ ᠰᠡᠷᠭᠡᠶᠢᠯᠡᠵᠦ ᠶᠠᠳᠠᠭᠤᠷᠠᠬᠤ ᠶᠢ ᠬᠢᠨᠠᠨ ᠬᠡᠮᠵᠢᠬᠦ ︽ᠨᠢᠭᠡ ᠤᠯᠠᠷᠢᠯ ᠳᠤ ᠨᠢᠭᠡ | ᠳᠠᠷᠠᠭᠠᠯᠠᠨ ᠪᠠᠶᠢᠴᠠᠭᠠᠬᠤ︾ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠩᠭᠤ ᠶᠢᠨ | ᠪᠠᠶᠢᠴᠠᠭᠠᠯᠲᠠᠬᠢᠵᠦ᠂ ᠣᠳᠣᠬᠠᠨ ᠳᠤ ᠪᠦᠬᠦ ᠲᠣᠭᠤᠷᠢᠭ ᠤᠨ ᠬᠢᠨᠠᠨ ᠬᠡᠮᠵᠢᠬᠦ ᠡᠷᠦᠬᠡ 834᠂ ᠬᠥᠮᠥᠨ 2049 ᠪᠤᠢ᠃ | ᠡᠭᠦᠨ ᠤ ᠬᠠᠮᠲᠤ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠬᠥᠳᠡᠯᠮᠦᠷᠢᠯᠡᠬᠦ ᠴᠢᠳᠠᠪᠤᠷᠢ ᠲᠠᠢ᠂ ᠦᠢᠯᠡᠳᠪᠦᠷᠢᠯᠡᠯ ᠤᠨ ᠮᠥᠩᠭᠦᠨ ᠭᠦᠢᠯᠭᠡᠭᠡᠨ ᠤ ᠲᠥᠷᠥᠯ ᠵᠦᠢᠯ ᠲᠠᠢ᠂ | ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠶᠠᠳᠠᠭᠤ ᠶᠢ ᠲᠡᠳᠬᠦᠬᠦ | ᠪᠠᠭ᠎ᠠ ᠲᠣᠭᠠᠨ ᠤ ᠵᠢᠭᠡᠯᠡᠯᠭᠡᠣᠯᠭᠤᠨᠠ᠃ ᠣᠲᠣ ᠪᠣᠯᠲᠠᠯ᠎ᠠ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ | ᠬᠦᠰᠡᠯ ᠡᠷᠡᠮᠡᠯᠵᠡᠯ ᠤᠨ ᠡᠷᠦᠬᠡ ᠨᠡᠶᠢᠲᠡ144 ᠡᠷᠦᠬᠡ᠂ 720 ᠲᠦᠮᠡᠨ ᠲᠥᠭᠦᠷᠢᠭ ᠢ ᠪᠦᠷᠢᠳᠬᠡᠵᠡᠢ᠃ ᠡᠭᠦᠨᠡᠴᠡ | ᠭᠠᠳᠠᠨ᠎ᠠ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ | ᠬᠥᠭᠵᠢᠭᠦᠯᠬᠦ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠢ ᠮᠠᠭᠠᠳᠯᠠᠨ ᠲᠣᠭᠲᠠᠭᠠᠬᠤ᠂ ᠬᠥᠳᠡᠯᠮᠦᠷᠢ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠭᠠᠳᠠᠭᠰᠢ ᠭᠠᠷᠭᠠᠬᠤ ᠵᠡᠷᠭᠡ ᠠᠵᠢᠯ ᠢ ᠤᠯᠠᠮ ᠨᠢᠭᠡ ᠠᠯᠬᠤᠮ | ᠴᠢᠩᠭᠠᠳᠬᠠᠨ᠎ᠠ᠃ 1 ︱ 6 ᠳ᠋ᠤᠭᠠᠷ ᠰᠠᠷ᠎ᠠ ᠳᠤ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠤ | ᠠᠵᠢᠯ ᠣᠯᠣᠭᠰᠠᠨ ᠬᠥᠮᠥᠨ ᠤ ᠲᠤᠭ᠎ᠠ ᠨᠡᠶᠢᠲᠡ 2545 ᠪᠣᠯᠵᠠᠢ᠃ | |