2022 ᠣᠨ ᠠᠴᠠ ᠨᠠᠭᠠᠰᠢ᠂ ᠬᠤᠷᠴᠢᠨ ᠲᠣᠭᠤᠷᠢᠭ ᠤᠨ ᠬᠢᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠬᠦ᠂ | ᠥᠷᠭᠡᠳᠬᠡᠨ ᠪᠠᠶᠢᠭᠤᠯᠬᠤ᠂ ᠨᠡᠭᠦᠯᠭᠡᠨ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ 2 ᠪᠠᠭ᠎ᠠ ᠰᠤᠷᠭᠠᠭᠤᠯᠢ ᠶᠢ | ᠰᠢᠨ᠎ᠡ ᠪᠠᠷ ᠪᠠᠶᠢᠭᠤᠯᠵᠤ᠂ 1 ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠨᠡᠭᠦᠯᠭᠡᠨ ᠪᠠᠶᠢᠭᠤᠯᠵᠤ᠂ 2160 | ᠪᠠᠭ᠎ᠠ ᠰᠤᠷᠭᠠᠭᠤᠯᠢ ᠶᠢᠨ ᠡᠷᠳᠡᠮ ᠤᠨ ᠴᠣᠯᠠ ᠶᠢ ᠨᠡᠮᠡᠭᠳᠡᠭᠦᠯᠵᠦ᠂ 400 ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠡᠷᠳᠡᠮ ᠤᠨ ᠴᠣᠯᠠ ᠶᠢ ᠨᠡᠮᠡᠭᠳᠡᠭᠦᠯᠵᠡᠢ᠃ ᠣᠲᠣ ᠪᠣᠯᠲᠠᠯ᠎ᠠ᠂ ᠬᠤᠷᠴᠢᠨ ᠲᠣᠭᠤᠷᠢᠭ ᠤᠨ ᠬᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠱᠠᠲᠤᠨ ᠤ ᠪᠦᠯᠦᠭᠴᠢᠯᠡᠭᠰᠡᠨ ᠰᠤᠷᠭᠠᠭᠤᠯᠢ ᠡᠷᠭᠢᠯᠡᠬᠦ | ᠰᠤᠷᠭᠠᠨ ᠬᠥᠮᠦᠵᠢᠯ ᠤᠨ ᠬᠤᠯᠪᠣᠭ᠎ᠠ ᠶᠢ ᠨᠡᠶᠢᠲᠡ 4 ᠪᠠᠶᠢᠭᠤᠯᠵᠤ᠂ ᠲᠣᠰ ᠲᠣᠰ ᠬᠤᠷᠴᠢᠨ ᠲᠣᠭᠤᠷᠢᠭ ᠤᠨ | ᠲᠤᠷᠰᠢᠯᠲᠠ ᠶᠢᠨ ᠪᠠᠭ᠎ᠠ ᠰᠤᠷᠭᠠᠭᠤᠯᠢ᠂ ᠬᠤᠷᠴᠢᠨ ᠲᠣᠭᠤᠷᠢᠭ ᠤᠨ ᠮᠢᠩ ᠷᠧᠨ ᠲᠤᠷᠰᠢᠯᠲᠠ ᠶᠢᠨ ᠪᠠᠭ᠎ᠠ ᠰᠤᠷᠭᠠᠭᠤᠯᠢ᠂ | ᠬᠤᠷᠴᠢᠨ ᠲᠣᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ᠂ ᠬᠤᠷᠴᠢᠨ ᠲᠣᠭᠤᠷᠢᠭ ᠤᠨ ᠳᠥᠷᠪᠡᠳᠦᠭᠡᠷ | ᠳᠤᠮᠳᠠᠳᠤ ᠰᠤᠷᠭᠠᠭᠤᠯᠢ ᠪᠠᠶᠢᠵᠤ᠂ 1900 ᠰᠣᠷᠣᠭᠴᠢ ᠳᠤ ᠠᠰᠢᠭ ᠬᠦᠷᠲᠡᠭᠡᠪᠡ᠃ |