ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ | ᠦᠨᠳᠦᠰᠦ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ | ᠦᠢᠯᠡᠳᠪᠦᠷᠢᠯᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠮᠦᠷ ᠵᠠᠮ ᠤᠨ ᠬᠠᠤᠯᠢ | ︾ ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ︽ᠤᠯᠤᠰ ᠤᠨ ᠲᠡᠮᠦᠷ ᠵᠠᠮ ᠤᠨ | ᠲᠣᠪᠴᠢᠶ᠎ᠠ ᠵᠠᠮ ᠲᠡᠭᠡᠭᠡᠪᠦᠷᠢ ᠶᠢᠨ ᠶᠠᠮᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠠᠬᠤᠢ ᠶᠢᠨ ᠬᠠᠮᠢᠶᠠᠷᠤᠯᠲᠠ ᠶᠢᠨ ︿ᠬᠤᠣᠰ | ᠬᠡᠰᠡᠭ ᠤᠨ ᠳᠠᠷᠤᠭ᠎ᠠ﹀ ᠶᠢᠨ ᠳᠦᠷᠢᠮ ᠢ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ | ᠬᠠᠮᠢᠶᠠᠷᠤᠯᠲᠠ ᠶᠢᠨ ︿ᠬᠤᠣᠰ ᠬᠡᠰᠡᠭ ᠤᠨ ᠳᠠᠷᠤᠭ᠎ᠠ﹀ ᠶᠢᠨ ᠳᠦᠷᠢᠮ ᠢ ᠬᠡᠷᠡᠭᠵᠢᠭᠦᠯᠬᠦ ᠲᠥᠰᠥᠯ︾ ︽ | ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠲᠡᠮᠦᠷ ᠵᠠᠮ ᠤᠨ ᠮᠦᠭᠳᠡᠨ ᠤ | ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ | ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠦᠩᠯᠢᠶᠣᠣ ᠬᠤᠲᠠ ᠶᠢᠨ ᠲᠡᠮᠦᠷ ᠵᠠᠮ ᠳᠠᠭᠠᠤ ᠶᠢᠨ ᠠᠮᠤᠷ | ᠲᠦᠪᠰᠢᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ︿ ᠬᠤᠣᠰ ᠬᠡᠰᠡᠭ ᠤᠨ ᠳᠠᠷᠤᠭ᠎ᠠ﹀ ᠶᠢᠨ ᠳᠦᠷᠢᠮ ᠤᠨ | ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠲᠦᠩᠯᠢᠶᠣᠣ ᠵᠠᠰᠠᠭ ᠥᠰᠥᠭ ︽ | 2021︾ 97 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ | ᠲᠥᠷᠥ ᠶᠢᠨ ᠪᠣᠳᠣᠯᠭ᠎ᠠ ᠪᠠ ᠪᠢᠴᠢᠭ ᠮᠠᠲ᠋ᠧᠷᠢᠶᠠᠯ᠂ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠵᠤ᠂ ᠪᠣᠳᠠᠲᠠᠢ ᠲᠠᠢ ᠪᠠᠨ | ᠤᠶᠠᠯᠳᠤᠭᠤᠯᠤᠨ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠬᠤᠶᠠᠷ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠲᠡᠮᠦᠷ | ᠵᠠᠮ ᠤᠨ ᠠᠮᠤᠷ ᠲᠦᠪᠰᠢᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ᠲᠡᠮᠦᠷ ᠵᠠᠮ ᠳᠠᠭᠠᠤ ᠶᠢᠨ ᠠᠮᠤᠷ | ᠲᠦᠪᠰᠢᠨ ᠣᠷᠴᠢᠨ ᠠᠬᠤᠢ ᠶᠢᠨ ᠬᠠᠮᠢᠶᠠᠷᠤᠯᠲᠠ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠪᠠ ᠲᠡᠮᠦᠷ | ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ︽ᠬᠤᠣᠰ ᠬᠡᠰᠡᠭ ᠤᠨ ᠳᠠᠷᠤᠭ᠎ᠠ︾ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠠᠬᠤᠢ ᠶᠢᠨ ᠬᠠᠮᠢᠶᠠᠷᠤᠯᠲᠠ ᠶᠢᠨ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠲᠡᠮᠦᠷ ᠵᠠᠮ ᠳᠠᠭᠠᠤ ᠶᠢᠨ ᠣᠷᠴᠢᠨ ᠠᠬᠤᠢ ᠶᠢ ᠪᠦᠲᠦᠮᠵᠢᠲᠡᠶ ᠪᠠᠷ | ᠴᠡᠪᠡᠷᠰᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠪᠠ ᠲᠡᠮᠦᠷ ᠵᠠᠮ ᠤᠨ ᠠᠵᠢᠯᠯᠠᠭᠠᠨ ᠤ ᠠᠮᠤᠷ | ᠲᠦᠪᠰᠢᠨ ᠢ ᠪᠠᠲᠤᠯᠠᠨ᠎ᠠ᠃ | ᠭᠤᠷᠪᠠ᠂ ᠭᠤᠣᠯ ᠬᠠᠷᠠᠯᠲᠠ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠡᠮᠬᠢ ᠳᠢᠭᠯᠢᠮ ᠲᠠᠢ ᠵᠣᠬᠢᠴᠠᠭᠤᠯᠬᠤ᠂ ᠲᠣᠭᠤᠷᠢᠨ | ᠪᠠᠶᠢᠴᠠᠭᠠᠬᠤ ᠶᠢ ᠪᠣᠳᠠᠲᠠᠶᠢᠵᠢᠭᠤᠯᠬᠤ᠂ ᠴᠢᠩᠭ᠎ᠠ ᠬᠢᠨᠠᠨ ᠬᠠᠮᠢᠶᠠᠷᠬᠤ᠂ ᠬᠦᠴᠦᠲᠡᠢ ᠬᠠᠮᠠᠭᠠᠯᠠᠬᠤ ᠱᠠᠭᠠᠷᠳᠠᠯᠭ᠎ᠠ | ᠶᠣᠰᠣᠭᠠᠷ᠂ ᠵᠠᠮ ᠪᠠ ᠭᠠᠵᠠᠷ ᠣᠷᠣᠨ ᠤ ᠠᠵᠢᠯ ᠤᠨ ᠵᠣᠬᠢᠴᠠᠭᠤᠯᠤᠨ ᠨᠡᠪᠲᠡᠷᠡᠯᠴᠡᠬᠦ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠵᠠᠰᠠᠯᠲᠠ ᠶᠢᠨ ︽ | ᠬᠤᠣᠰ ᠬᠡᠰᠡᠭ ᠤᠨ ᠳᠠᠷᠤᠭ᠎ᠠ︾ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠩᠯᠢᠶᠣᠣ | ᠬᠤᠲᠠ ᠶᠢᠨ ᠬᠤᠷᠴᠢᠨ ᠲᠣᠭᠤᠷᠢᠭ ᠤᠨ ᠬᠢᠯᠢ ᠳᠣᠲᠣᠷᠠᠬᠢ ᠲᠡᠮᠦᠷ ᠵᠠᠮ ᠤᠨ ᠠᠮᠤᠷ ᠲᠦᠪᠰᠢᠨ ᠤ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠡᠮᠦᠷ ᠵᠠᠮ ᠤᠨ ᠣᠷᠴᠢᠨ ᠲᠣᠭᠤᠷᠢᠨ ᠤ | ᠳᠠᠯᠳᠠ ᠬᠡᠮ ᠠᠴᠠ ᠪᠣᠯᠤᠭᠰᠠᠨ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠲᠡᠮᠦᠷ ᠵᠠᠮ ᠤᠨ ᠲᠡᠷᠭᠡ | ᠶᠠᠪᠤᠭᠤᠯᠬᠤ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠠᠮᠢ | ᠨᠠᠰᠤ ᠡᠳ᠋ ᠬᠥᠷᠥᠩᠭᠡ ᠪᠠ ᠲᠡᠮᠦᠷ ᠵᠠᠮ ᠤᠨ ᠠᠵᠢᠯᠯᠠᠭᠠᠨ ᠤ ᠠᠮᠤᠷ ᠲᠦᠪᠰᠢᠨ ᠢ ᠪᠠᠲᠤᠯᠠᠨ᠎ᠠ᠃ | ᠳᠥᠷᠪᠡ᠂ ᠭᠤᠣᠯ ᠡᠭᠦᠷᠭᠡ | ︵ᠨᠢᠭᠡ︶ ᠬᠤᠷᠴᠢᠨ ᠲᠣᠭᠤᠷᠢᠭ ᠤᠨ ᠵᠠᠰᠠᠭ ᠤᠨ ᠣᠷᠳᠣᠨ᠂ ᠲᠡᠮᠦᠷ ᠵᠠᠮ ᠤᠨ ᠥᠷᠲᠡᠭᠡ ᠶᠢᠨ ᠬᠡᠰᠡᠭ ᠤᠨ | ︽ᠬᠤᠣᠰ ᠬᠡᠰᠡᠭ ᠤᠨ ᠳᠠᠷᠤᠭ᠎ᠠ︾ ᠶᠢᠨ ᠭᠤᠣᠯ ᠡᠭᠦᠷᠭᠡ | 1. ᠬᠠᠷᠢᠶ᠎ᠠ ᠣᠷᠣᠨ ᠤ ᠳᠣᠲᠣᠷᠠᠬᠢ ︽ᠬᠤᠣᠰ ᠬᠡᠰᠡᠭ ᠤᠨ ᠳᠠᠷᠤᠭ᠎ᠠ︾ ᠶᠢᠨ ᠳᠦᠷᠢᠮ ᠤᠨ ᠡᠯ᠎ᠡ | ᠵᠦᠢᠯ ᠤᠨ ᠠᠵᠢᠯ ᠢ ᠬᠠᠷᠢᠭᠤᠴᠠᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠠᠵᠢᠯ ᠤᠨ ᠳᠦᠷᠢᠮ ᠢ ᠲᠣᠭᠲᠠᠭᠠᠨ᠂ | ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠪᠠ ᠬᠠᠮᠲᠤᠷᠠᠭᠰᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠲᠡᠮᠦᠷ | ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ ᠳᠠᠯᠳᠠ ᠬᠡᠮ ᠤᠨ ᠠᠰᠠᠭᠤᠳᠠᠯ ᠢ ᠰᠤᠳᠤᠯᠤᠨ | ᠰᠢᠢᠳᠪᠦᠷᠢᠯᠡᠨ᠎ᠡ︔ | 2. ᠲᠡᠮᠦᠷ ᠵᠠᠮ ᠤᠨ ᠬᠡᠰᠡᠭ ᠤᠨ ᠳᠠᠷᠤᠭ᠎ᠠ ᠨᠢ ᠬᠠᠷᠢᠶ᠎ᠠ ᠣᠷᠣᠨ ᠤ ᠪᠠᠨ ︽ᠬᠤᠣᠰ ᠬᠡᠰᠡᠭ ᠤᠨ ᠳᠠᠷᠤᠭ᠎ᠠ︾ | ᠶᠢᠨ ᠳᠦᠷᠢᠮ ᠤᠨ ᠠᠵᠢᠯ ᠢ ᠪᠥᠬᠦ ᠲᠠᠯ᠎ᠠ ᠪᠠᠷ ᠬᠠᠷᠢᠭᠤᠴᠠᠵᠤ᠂ ᠲᠡᠮᠦᠷ ᠵᠠᠮ ᠤᠨ ᠰᠠᠯᠠᠭ᠎ᠠ ᠮᠥᠴᠢᠷ ᠤᠨ | ᠡᠭᠦᠷᠭᠡᠯᠡᠵᠦ ᠪᠦᠬᠦᠢ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠰᠢᠮᠳᠠᠭᠤᠯᠬᠤ ᠶᠢ ᠬᠠᠷᠢᠭᠤᠴᠠᠵᠤ᠂ ᠲᠡᠮᠦᠷ ᠵᠠᠮ | ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠬᠠᠮᠲᠤᠷᠠᠨ ᠲᠣᠭᠤᠷᠢᠨ ᠪᠠᠶᠢᠴᠠᠭᠠᠬᠤ ᠲᠥᠯᠥᠪᠯᠡᠭᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ︔ᠲᠡᠮᠦᠷ ᠵᠠᠮ ᠤᠨ ᠱᠤᠭᠤᠮ ᠳᠠᠭᠠᠤ | ᠬᠤᠶᠠᠷ ᠲᠠᠯ᠎ᠠ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠳᠠᠯᠳᠠ ᠬᠡᠮ ᠤᠨ ᠠᠰᠠᠭᠤᠳᠠᠯ ᠤᠨ ᠬᠥᠮᠥᠷᠭᠡ | ᠪᠠᠶᠢᠭᠤᠯᠬᠤ ᠶᠢ ᠬᠠᠷᠢᠭᠤᠴᠠᠵᠤ᠂ ᠣᠷᠣᠨ ᠨᠤᠲᠤᠭ ᠯᠤᠭ᠎ᠠ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠨ᠂ | ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠤ ᠳᠠᠯᠳᠠ ᠬᠡᠮ ᠳᠤ ᠪᠢᠲᠡᠭᠦᠦ ᠴᠠᠭᠠᠷᠢᠭ ᠤᠨ | ᠬᠠᠮᠢᠶᠠᠷᠤᠯᠲᠠ ᠶᠢ ᠬᠡᠷᠡᠭᠵᠢᠭᠦᠯᠦᠨ᠎ᠡ︔ | 3.ᠣᠷᠣᠨ ᠨᠤᠲᠤᠭ ᠤᠨ ᠬᠡᠰᠡᠭ ᠤᠨ ᠳᠠᠷᠤᠭ᠎ᠠ ᠨᠢ ᠣᠷᠣᠨ ᠨᠤᠲᠤᠭ ᠤᠨ ᠡᠭᠦᠷᠭᠡᠯᠡᠭᠰᠡᠨ ᠠᠵᠢᠯ ᠤᠨ | ᠡᠭᠦᠷᠭᠡ ᠶᠢ ᠬᠠᠷᠢᠭᠤᠴᠠᠨ ᠪᠡᠶᠡᠯᠡᠭᠦᠯᠵᠦ᠂ ᠲᠡᠮᠦᠷ ᠵᠡᠮ ᠤᠨ ᠰᠠᠯᠠᠭ᠎ᠠ ᠮᠥᠴᠢᠷ ᠲᠠᠢ ᠬᠠᠮᠵᠢᠯᠴᠠᠨ ᠶᠡᠷᠦᠩᠬᠡᠶᠢᠯᠡᠨ | ᠴᠡᠭᠴᠡᠯᠡᠨ ᠵᠠᠰᠠᠬᠤ ᠪᠠ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠠᠮᠤᠷ ᠲᠦᠪᠰᠢᠨ ᠤ ᠲᠡᠯᠳᠠ | ᠭᠡᠮ ᠢ ᠠᠷᠢᠯᠭᠠᠨ᠎ᠠ︔ | 4. ᠬᠠᠷᠢᠶ᠎ᠠ ᠣᠷᠣᠨ ᠤ ᠳᠣᠲᠣᠷᠠᠬᠢ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ︔ | 5. ᠪᠤᠰᠤᠳ ᠬᠡᠷᠡᠭᠰᠡᠬᠦ ᠭᠠᠵᠠᠷ ᠣᠷᠣᠨ ᠤ ᠬᠤᠶᠠᠷ ᠲᠠᠯ᠎ᠠ ᠪᠠᠷ ᠢᠶᠠᠨ ᠬᠠᠮᠵᠢᠯᠴᠠᠨ ᠪᠡᠶᠡᠯᠡᠭᠦᠯᠦᠭᠰᠡᠨ | ᠠᠵᠢᠯ ᠤᠨ ᠡᠭᠦᠷᠭᠡ᠃ | ︵ᠬᠤᠶᠠᠷ︶ ᠪᠠᠯᠭᠠᠰᠤ ᠵᠡᠭᠡᠯᠢ᠂ ᠲᠡᠮᠦᠷ ᠵᠠᠮ ᠤᠨ ᠦᠢᠯᠡᠳᠪᠦᠷᠢ ᠶᠢᠨ ᠲᠠᠰᠤᠬ ᠤᠨ ︽ᠬᠤᠣᠰ ᠬᠡᠰᠡᠭ | ᠦᠨᠲ᠋ᠠᠷᠤᠭᠠ︾ ᠶᠢᠨ ᠭᠤᠣᠯ ᠡᠭᠦᠷᠭᠡ | 1. ︽ᠬᠤᠣᠰ ᠬᠡᠰᠡᠭ ᠤᠨ ᠳᠠᠷᠤᠭ᠎ᠠ︾ ᠶᠢᠨ ᠳᠦᠷᠢᠮ ᠤᠨ ᠡᠯ᠎ᠡ ᠵᠦᠢᠯ ᠤᠨ ᠠᠵᠢᠯ ᠤᠨ ᠳᠦᠷᠢᠮ ᠢ | ᠨᠠᠶᠢᠳᠠᠪᠤᠷᠢᠵᠢᠭᠤᠯᠵᠤ᠂ ᠬᠠᠮᠲᠤᠷᠠᠨ ᠲᠣᠭᠤᠷᠢᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠲᠡᠮᠦᠷ | ᠵᠠᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠬᠤᠷᠢᠭᠯᠠᠨ ᠵᠣᠭᠰᠣᠭᠠᠨ᠎ᠠ︔ | 2. ᠲᠡᠮᠦᠷ ᠵᠠᠮ ᠤᠨ ᠬᠡᠰᠡᠭ ᠤᠨ ᠳᠠᠷᠤᠭ᠎ᠠ ᠲᠦᠷᠦᠭᠦᠯᠡᠨ ᠬᠠᠷᠢᠶ᠎ᠠ ᠲᠣᠭᠤᠷᠢᠭ ᠤᠨ ᠪᠠᠯᠭᠠᠰᠤ ᠵᠡᠭᠡᠯᠢ ᠶᠢᠨ ︽ | ᠬᠤᠣᠰ ᠬᠡᠰᠡᠭ ᠤᠨ ᠳᠠᠷᠤᠭ᠎ᠠ︾ ᠶᠢᠨ ᠳᠦᠷᠢᠮ ᠤᠨ ᠠᠵᠢᠯ ᠢ ᠬᠠᠷᠢᠭᠤᠴᠠᠵᠤ᠂ ᠲᠡᠮᠦᠷ ᠵᠠᠮ ᠤᠨ ᠰᠠᠯᠠᠭ᠎ᠠ | ᠮᠥᠴᠢᠷ ᠤᠨ ᠡᠭᠦᠷᠭᠡᠯᠡᠬᠦ ᠡᠭᠦᠷᠭᠡ ᠶᠢ ᠬᠠᠷᠢᠭᠤᠴᠠᠨ ᠪᠡᠶᠡᠯᠡᠭᠦᠯᠵᠦ᠂ ᠲᠣᠭᠤᠷᠢᠨ ᠶᠠᠪᠤᠬᠤ ᠵᠢᠷᠤᠭ ᠲᠣᠭᠲᠠᠭᠠᠨ᠂ | ᠣᠷᠣᠨ ᠨᠤᠲᠤᠭ ᠤᠨ ᠬᠡᠰᠡᠭ ᠤᠨ ᠳᠠᠷᠤᠭ᠎ᠠ ᠯᠤᠭ᠎ᠠ ᠲᠣᠰᠬᠤᠨ ︵ᠨᠡᠶᠢᠭᠡᠮ ᠲᠣᠭᠤᠷᠢᠭ︶᠂ ᠡᠭᠡᠯᠵᠢ | ᠳᠤᠭᠤᠶᠢᠯᠠᠩ ᠤᠨ ᠡᠳᠦᠷ ᠲᠤᠲᠤᠮ ᠤᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ | ᠲᠣᠭᠤᠷᠢᠨ ᠪᠠᠶᠢᠴᠠᠭᠠᠬᠤ ᠠᠵᠢᠯ ᠢ ᠰᠢᠮᠳᠠᠭᠤᠯᠤᠨ ᠵᠢᠯᠤᠭᠤᠳᠴᠤ᠂ ᠲᠣᠭᠤᠷᠢᠨ ᠪᠠᠶᠢᠴᠠᠭᠠᠭᠰᠠᠨ ᠲᠡᠮᠳᠡᠭᠯᠡᠯ ᠪᠠ | ᠠᠰᠠᠭᠤᠳᠠᠯ ᠤᠨ ᠬᠥᠮᠥᠷᠭᠡ ᠪᠠᠶᠢᠭᠤᠯᠤᠨ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠤ | ᠲᠣᠭᠤᠷᠢᠨ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ︔ | 3.ᠣᠷᠣᠨ ᠨᠤᠲᠤᠭ ᠤᠨ ᠬᠡᠰᠡᠭ ᠤᠨ ᠳᠠᠷᠤᠭ᠎ᠠ ᠨᠢ ᠣᠷᠣᠨ ᠨᠤᠲᠤᠭ ᠤᠨ ᠡᠭᠦᠷᠭᠡᠯᠡᠭᠰᠡᠨ ᠠᠵᠢᠯ ᠤᠨ | ᠡᠭᠦᠷᠭᠡ ᠶᠢ ᠬᠠᠷᠢᠭᠤᠴᠠᠨ ᠪᠡᠶᠡᠯᠡᠭᠦᠯᠵᠦ᠂ ᠲᠡᠮᠦᠷ ᠵᠡᠮ ᠤᠨ ᠰᠠᠯᠠᠭ᠎ᠠ ᠮᠥᠴᠢᠷ ᠲᠠᠢ ᠬᠠᠮᠵᠢᠯᠴᠠᠨ ᠪᠠᠶᠢᠴᠠᠭᠠᠯᠲᠠ | ᠥᠷᠨᠢᠭᠦᠯᠵᠦ᠂ ᠳᠡᠭᠡᠳᠦ ᠱᠠᠲᠤᠨ ᠤ ᠬᠡᠰᠡᠭ ᠤᠨ ᠳᠠᠷᠤᠭ᠎ᠠ ᠶᠢᠨ ᠪᠠᠭᠤᠯᠭᠠᠭᠰᠠᠨ ᠪᠠ ᠥᠪᠡᠷ ᠢᠶᠠᠨ ᠪᠠᠶᠢᠴᠠᠭᠠᠬᠤ | ᠶᠠᠪᠤᠴᠠ ᠳᠤ ᠣᠯᠵᠤ ᠮᠡᠳᠡᠭᠰᠡᠨ ᠣᠷᠣᠨ ᠨᠤᠲᠤᠭ ᠤᠨ ᠬᠠᠷᠢᠭᠤᠴᠠᠵᠤ ᠪᠠᠶᠢᠭ᠎ᠠ ᠠᠮᠤᠷ ᠲᠦᠪᠰᠢᠨ ᠤ ᠲᠡᠯᠳᠠ ᠭᠡᠮ ᠢ | ᠴᠠᠭ ᠲᠤᠬᠠᠢ ᠳᠤᠨᠢ ᠪᠡᠶᠡᠯᠡᠭᠦᠯᠵᠦ᠂ ᠲᠡᠮᠦᠷ ᠵᠡᠮ ᠤᠨ ᠲᠠᠯ᠎ᠠ ᠶᠢᠨ ᠡᠭᠦᠷᠭᠡᠯᠡᠵᠦ ᠪᠠᠶᠢᠭ᠎ᠠ ᠠᠮᠤᠷ ᠲᠦᠪᠰᠢᠨ ᠤ ᠲᠡᠯᠳᠠ | ᠭᠡᠮ ᠢ ᠴᠠᠭ ᠲᠤᠬᠠᠢ ᠳᠤᠨᠢ ᠮᠡᠳᠡᠭᠳᠡᠵᠦ᠂ ᠬᠠᠷᠢᠶ᠎ᠠ ᠣᠷᠣᠨ ᠤ ᠲᠡᠮᠦᠷ ᠵᠡᠮ ᠤᠨ ᠠᠮᠤᠷ ᠲᠦᠪᠰᠢᠨ ᠢ ᠦᠨᠡᠨ ᠬᠦ | ᠪᠠᠲᠤᠯᠠᠨ᠎ᠠ︔ | 4. ᠵᠠᠮ ᠪᠠ ᠭᠠᠵᠠᠷ ᠣᠷᠣᠨ ᠤ ᠬᠠᠷᠢᠯᠴᠠᠨ ᠬᠠᠪᠰᠤᠷᠤᠯᠴᠠᠵᠤ ᠬᠠᠷᠢᠯᠴᠠᠨ ᠰᠤᠷᠤᠯᠴᠠᠬᠤ ᠶᠢ ᠴᠢᠩᠭᠠᠳᠬᠠᠵᠤ᠂ | ᠲᠡᠮᠦᠷ ᠵᠠᠮ ᠤᠨ ᠲᠤᠬᠠᠢ ᠶᠢᠨ ᠲᠠᠯᠠᠪᠤᠷ ᠤᠨ ᠲᠣᠭᠤᠷᠢᠨ ᠪᠠᠶᠢᠴᠠᠭᠠᠭᠴᠢ ᠠᠴᠠ ᠣᠷᠣᠨ ᠨᠤᠲᠤᠭ ᠤᠨ ᠲᠣᠭᠤᠷᠢᠨ | ᠪᠠᠶᠢᠴᠠᠭᠠᠭᠴᠢ ᠶᠢ ᠬᠠᠷᠢᠭᠤᠴᠠᠨ ᠵᠢᠯᠤᠭᠤᠳᠴᠤ᠂ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ | ᠲᠣᠭᠤᠷᠢᠨ ᠤ ᠬᠡᠮ ᠰᠣᠭᠤᠭ ᠢ ᠢᠯᠭᠠᠨ ᠲᠠᠨᠢᠬᠤ ᠪᠠ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ︔ | 5. ᠬᠠᠷᠢᠶ᠎ᠠ ᠣᠷᠣᠨ ᠤ ᠳᠣᠲᠣᠷᠠᠬᠢ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠬᠠᠤᠯᠢ ᠲᠦᠭᠡᠮᠡᠯᠵᠢᠭᠦᠯᠬᠦ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ︔ | 6. ᠪᠤᠰᠤᠳ ᠬᠡᠷᠡᠭᠰᠡᠬᠦ ᠭᠠᠵᠠᠷ ᠣᠷᠣᠨ ᠤ ᠬᠤᠶᠠᠷ ᠲᠠᠯ᠎ᠠ ᠪᠠᠷ ᠢᠶᠠᠨ ᠬᠠᠮᠵᠢᠯᠴᠠᠨ ᠪᠡᠶᠡᠯᠡᠭᠦᠯᠦᠭᠰᠡᠨ | ᠠᠵᠢᠯ ᠤᠨ ᠡᠭᠦᠷᠭᠡ᠃ | | | ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠵᠠᠮ ᠲᠡᠭᠡᠭᠡᠪᠦᠷᠢ ᠶᠢᠨ ᠲᠣᠪᠴᠢᠶ᠎ᠠ | 2023 ᠣᠨ ᠤ 09 ᠰᠠᠷ᠎ᠠ ᠶᠢᠨ 19 ᠤ ᠡᠳᠦᠷ | | | |