ᠡᠨᠡ ᠵᠢᠯ᠂ ᠬᠤᠷᠴᠢᠨ ᠲᠣᠭᠤᠷᠢᠭ ᠤᠨ ᠬᠥᠳᠡᠭᠡ ᠲᠣᠰᠬᠤᠨ ᠤ ᠨᠢᠭᠦᠯᠡᠰᠦᠩᠭᠦᠢ ᠶᠢᠨ ᠨᠡᠶᠢᠲᠡ ᠶᠢᠨ ᠮᠠᠰᠢᠨ | ᠲᠡᠷᠭᠡ ᠶᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠡᠮᠬᠢ ᠵᠢᠷᠤᠮ ᠲᠠᠢ ᠶᠠᠪᠤᠭᠳᠠᠭᠤᠯᠪᠠ᠃ ᠲᠦᠷᠦᠯ | ᠵᠦᠢᠯ ᠤᠨ ᠲᠠᠯ᠎ᠠ ᠶᠢᠨ ᠬᠢᠨ ᠲᠦᠩᠯᠢᠶᠣᠣ ᠣᠷᠣᠨ ᠳᠤ 500 ᠰᠠᠭᠤᠷᠢ ᠨᠢᠭᠦᠯᠡᠰᠦᠩᠭᠦᠢ ᠶᠢᠨ ᠨᠡᠶᠢᠲᠡ ᠶᠢᠨ ᠮᠠᠰᠢᠨ | ᠲᠡᠷᠭᠡ ᠣᠷᠣᠭᠤᠯᠵᠤ᠂ ᠲᠦᠩᠯᠢᠶᠣᠣ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ | ᠪᠣᠷᠣᠯᠠᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠪᠠᠷ ᠪᠠᠶᠢᠨ᠎ᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠦᠯᠡᠰᠦᠩᠭᠦᠢ ᠶᠢᠨ ᠨᠡᠶᠢᠲᠡ ᠶᠢᠨ ᠮᠠᠰᠢᠨ ᠲᠡᠷᠭᠡᠨ ᠤ ᠲᠥᠷᠥᠯ ᠵᠦᠢᠯ ᠢ | ᠵᠥᠩ ᠱᠠᠨ ᠲᠦᠩ ︵ᠪᠡᠭᠡᠵᠢᠩ︶ ᠰᠣᠶᠣᠯᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠠᠴᠠ ᠡᠭᠦᠰᠬᠡᠨ | ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ ᠵᠠᠭᠤᠨ ᠳ᠋ᠦᠩᠰᠢᠭᠤᠷ ᠲᠥᠭᠦᠷᠢᠭ ᠲᠤ ᠬᠦᠷᠴᠦ᠂ | ᠭᠤᠣᠯ ᠠᠭᠤᠯᠭ᠎ᠠ ᠨᠢ ᠪᠦᠬᠦ ᠤᠯᠤᠰ ᠲᠤ ᠬᠠᠨᠳᠤᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠤᠨ ᠬᠡᠳᠦ ᠳᠡᠯᠭᠡᠭᠦᠷ ᠤᠨ 10 ᠲᠦᠮᠡᠨ ᠮᠠᠰᠢᠨ ᠲᠡᠷᠭᠡ ᠶᠢ | ᠣᠷᠣᠭᠤᠯᠵᠤ᠂ ᠪᠦᠬᠦ ᠤᠯᠤᠰ ᠤᠨ ᠡᠯ᠎ᠡ ᠭᠠᠵᠠᠷ ᠤᠨ ᠣᠷᠣᠨ ᠨᠤᠲᠤᠭ ᠤᠨ ᠵᠠᠰᠠᠭ ᠤᠨ ᠣᠷᠳᠣᠨ ᠲᠠᠢ ᠬᠤᠯᠪᠤᠭᠠᠯᠠᠨ | ᠪᠣᠳᠠᠲᠠᠶᠢᠵᠢᠭᠤᠯᠵᠤ᠂ ᠪᠠᠭᠤᠷᠠᠶᠢᠴᠤᠤᠯ ᠢ ᠳᠥᠪᠬᠢᠨᠡᠭᠦᠯᠦᠨ ᠠᠵᠢᠯ ᠣᠯᠭᠤᠬᠤ ᠪᠠᠷ ᠭᠤᠣᠯ ᠪᠣᠯᠭᠠᠵᠤ᠂ ᠪᠦᠬᠦ | ᠤᠯᠤᠰ ᠤᠨ ᠡᠯ᠎ᠡ ᠣᠷᠣᠨ ᠪᠦᠰᠡ ᠶᠢᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠣᠭᠠᠴᠢᠯᠠᠭᠰᠠᠨ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠰᠢᠨ᠎ᠡ | ᠵᠠᠭᠪᠤᠷ ᠢ ᠪᠡᠶᠡᠯᠡᠭᠦᠯᠬᠦ ᠳᠤ ᠬᠦᠴᠦ ᠨᠡᠮᠡᠷᠢᠯᠡᠨ᠎ᠡ᠃ |