ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠥᠭᠡᠷᠡᠴᠢᠯᠡᠨ ᠪᠠᠶᠢᠭᠤᠯᠬᠤ ᠠᠵᠢᠯ ᠢ ᠦᠷᠭᠦᠯᠵᠢᠯᠡᠨ ᠨᠠᠷᠢᠯᠢᠭᠵᠢᠭᠤᠯᠤᠨ ᠠᠬᠢᠭᠤᠯᠵᠤ᠂ ᠰᠠᠭᠤᠭᠠᠯᠢ | ᠠᠷᠠᠳ ᠤᠨᠬᠦ᠋ᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠᠦᠭᠡᠢ ᠲᠡᠭᠡᠭᠰᠢᠯᠡᠭᠦᠯᠤᠨ᠎ᠡ᠃ | 2023 ᠣᠨ ᠳᠤ᠂ ᠬᠤᠷᠴᠢᠨ ᠲᠣᠭᠤᠷᠢᠭ ᠤᠨ ᠬᠢᠨ ᠬᠠᠷᠢᠶ᠎ᠠ ᠲᠣᠭᠤᠷᠢᠭ ᠤᠨ ᠢᠶᠠᠨ 10 ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ 53 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠲᠤ ᠪᠣᠬᠢᠷᠲᠤᠯ ᠭᠠᠳᠠᠭᠰᠢᠯᠠᠭᠤᠯᠬᠤ | ᠬᠤᠭᠤᠯᠠᠢ ᠶᠢᠨ ᠲᠣᠣᠷ᠂ ᠪᠣᠷᠣᠭᠠᠨ ᠤ ᠤᠰᠤ᠂ ᠤᠰᠤ ᠬᠠᠩᠭᠠᠬᠤ᠂ ᠢᠯᠴᠢ ᠬᠠᠩᠭᠠᠬᠤ ᠬᠤᠭᠤᠯᠠᠢ ᠶᠢᠨ ᠲᠣᠣᠷ᠂ | ᠴᠢᠩᠭ᠎ᠠ ᠪᠠᠭᠤᠷᠠᠢ ᠴᠠᠬᠢᠯᠭᠠᠨ ᠤ ᠬᠤᠭᠤᠯᠠᠢ ᠶᠢᠨ ᠱᠤᠭᠤᠮ ᠢ ᠳᠡᠪᠢᠰᠬᠦ᠂ ᠵᠠᠮ ᠢ ᠬᠠᠲᠠᠭᠤᠷᠠᠭᠤᠯᠬᠤ᠂ ᠨᠣᠭᠤᠭᠠᠷᠠᠭᠤᠯᠬᠤ᠂ | ᠭᠡᠷᠡᠯᠲᠦᠭᠦᠯᠬᠦ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠲᠥᠬᠦᠭᠡᠷᠦᠮᠵᠢ ᠶᠢ ᠲᠣᠬᠢᠷᠠᠭᠤᠯᠬᠤ ᠵᠡᠷᠭᠡ ᠲᠠᠯ᠎ᠠ ᠶᠢᠨ | ᠥᠭᠡᠷᠡᠴᠢᠯᠡᠯᠲᠡ ᠬᠢᠬᠦ ᠪᠠᠷ ᠲᠥᠯᠥᠪᠯᠡᠵᠦ᠂ ᠪᠠᠰᠠ ᠨᠡᠶᠢᠭᠡᠮ ᠲᠣᠭᠤᠷᠢᠭ ᠤᠨ ᠬᠤᠭᠤᠯᠠᠨ ᠭᠡᠷ᠂ ᠨᠠᠰᠤᠲᠠᠶᠢᠴᠤᠳ ᠤᠨ | ᠣᠷᠣᠨ ᠵᠠᠢ᠂ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠲᠥᠪ ᠵᠡᠷᠭᠡ ᠠᠷᠠᠳ ᠤᠨ ᠠᠮᠢᠳᠤᠷᠠᠯ ᠤᠨ | ᠦᠢᠯᠡᠴᠢᠯᠡᠭᠡᠨ ᠤ ᠠᠵᠤ ᠦᠢᠯᠡᠰ ᠢ ᠣᠷᠣᠭᠤᠯᠵᠤ᠂ 186 ᠰᠠᠭᠤᠷᠢ ᠠᠰᠠᠷ᠂ 6659 ᠡᠷᠦᠬᠡ ᠰᠠᠭᠤᠭᠠᠯᠢ | ᠠᠷᠠᠳ ᠲᠤ ᠬᠤᠯᠪᠣᠭᠳᠠᠨ᠎ᠠ᠃ ᠣᠳᠣᠬᠠᠨ ᠳᠤ ᠡᠯ᠎ᠡ ᠵᠦᠢᠯ ᠤᠨ ᠠᠵᠢᠯ ᠶᠠᠭ ᠡᠮᠬᠢ ᠵᠢᠷᠤᠮ ᠲᠠᠢ ᠪᠠᠷ ᠶᠠᠪᠤᠭᠳᠠᠵᠤ | ᠪᠠᠶᠢᠨ᠎ᠠ᠃ |